11 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠲᠤᠰᠬᠠᠢ ᠲᠥᠷᠥᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠲᠥᠷᠥᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ | ᠲᠤᠤᠱᠯᠠᠭᠤᠯᠤᠨ ᠨᠠᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ ᠪᠠ ᠳᠤᠷᠠᠳᠤᠭᠰᠠᠨ ᠠᠷᠭ᠎ᠠ ᠪᠣᠳᠣᠯᠭ᠎ᠠ ᠰᠠᠨᠠᠭᠤᠯᠭ᠎ᠠ ᠶᠢ | ᠵᠠᠳᠠᠯᠤᠨ ᠰᠢᠨᠵᠢᠯᠡᠵᠦ᠂ ᠳᠠᠷᠠᠭ᠎ᠠ ᠠᠯᠬᠤᠮ ᠤᠨ ᠠᠵᠢᠯ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ᠶᠠᠩ ᠯᠸᠢ᠂ ᠵᠠᠩ ᠶᠧ ᠬᠤᠷᠠᠯ ᠳᠤ ᠣᠷᠣᠯᠴᠠᠪᠠ᠃ | | | | | | ᠬᠤᠷᠠᠯ ᠠᠴᠠ ︽ᠠᠷᠤᠨ ᠬᠤᠰᠢᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠲᠤᠰᠬᠠᠶ ᠲᠥᠷᠥᠯ ᠤᠨ | ᠪᠠᠶᠢᠴᠠᠭᠠᠨ ᠰᠤᠳᠤᠯᠤᠯᠲᠠ ᠶᠢᠨ ᠠᠵᠢᠯ ᠤᠨ ᠶᠡᠷᠦᠩᠬᠡᠶ ᠲᠥᠰᠦᠯ︾ ᠳᠤ ᠲᠠᠶᠢᠯᠤᠮᠵᠢ ᠬᠢᠪᠠ᠃ ᠡᠯ᠎ᠡ ᠬᠤᠪᠢᠶᠠᠷᠢ ᠰᠡᠳᠦᠪ ᠤᠨ ᠪᠠᠶᠢᠴᠠᠭᠠᠨ ᠰᠤᠳᠤᠯᠬᠤ | ᠳᠤᠭᠤᠶᠢᠯᠠᠩ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠡᠯ᠎ᠡ ᠰᠡᠳᠦᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠭᠦᠷᠭᠡ ᠬᠠᠷᠠᠯᠲᠠ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ | ᠴᠢᠩᠭ᠎ᠠ ᠠᠩᠬᠠᠷᠴᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠠᠷᠢᠯᠢᠭ ᠰᠤᠳᠤᠯᠵᠤ᠂ ᠬᠡᠷᠡᠭᠯᠡᠭᠡᠨ ᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠰᠢᠨ᠎ᠡ | ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠰᠢᠨ᠎ᠡ ᠲᠥᠷᠥ ᠶᠢᠨ ᠪᠣᠳᠣᠯᠭ᠎ᠠ ᠶᠢ ᠰᠢᠩᠭᠡᠭᠡᠨ ᠠᠪᠴᠤ᠂ ᠰᠢᠨ᠎ᠡ ᠵᠣᠷᠢᠭ ᠰᠠᠨᠠᠭ᠎ᠠ ᠶᠢ ᠰᠢᠩᠭᠡᠭᠡᠨ | ᠠᠪᠴᠤ᠂ ᠪᠠᠶᠢᠳᠠᠯ ᠢ ᠲᠣᠳᠣᠷᠬᠠᠶ ᠣᠶᠢᠯᠠᠭᠠᠬᠤ᠂ ᠠᠰᠠᠭᠤᠳᠠᠯ ᠢ ᠣᠨᠣᠪᠴᠢᠲᠠᠶ ᠡᠷᠢᠬᠦ᠂ ᠵᠠᠩᠭᠢᠯᠠᠭ᠎ᠠ ᠶᠢ ᠵᠠᠳᠠᠯᠬᠤ᠂ ᠪᠣᠳᠠᠲᠠᠶ ᠠᠷᠭᠠᠴᠠᠭᠠᠬᠤ ᠪᠣᠳᠣᠯᠭ᠎ᠠ ᠶᠢ | ᠳᠤᠷᠠᠳᠬᠤ ᠶᠢ ᠦᠨᠡᠨ ᠬᠦ ᠪᠠᠲᠤᠯᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠵᠤ᠂ ᠰᠡᠳᠦᠪ ᠢᠶᠠᠷ ᠵᠢᠯᠣᠭᠤᠳᠤᠮᠵᠢ ᠪᠣᠯᠭᠠᠵᠤ᠂ ᠰᠢᠨ᠎ᠡ | ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠠᠰᠢᠭᠯᠠᠵᠤ᠂ ᠭᠤᠣᠯᠯᠠᠬᠤ ᠠᠵᠤ ᠦᠢᠯᠡᠰ ᠤᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ | ᠬᠤᠪᠢᠶᠠᠨ ᠨᠠᠷᠢᠨ ᠲᠠᠩᠰᠠ ᠪᠠᠶᠢᠭᠤᠯᠵᠤ᠂ ᠲᠥᠯᠥᠪᠯᠡᠭᠡ ᠶᠢᠨ ᠬᠠᠷᠠᠯᠲᠠ ᠶᠢ ᠲᠣᠭᠲᠠᠭᠠᠵᠤ᠂ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠥᠬᠦ ᠬᠤᠰᠢᠭᠤᠨ ᠤ ᠬᠥᠭᠵᠢᠯᠲᠡ ᠶᠢᠨ ᠰᠡᠳᠬᠢᠴᠡ ᠶᠢᠨ | ᠲᠣᠭᠤᠷᠢᠨ ᠳᠤ ᠦᠨᠳᠦᠰᠦᠨ ᠱᠠᠲᠤᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠵᠦ᠂ ᠬᠤᠯᠪᠣᠭᠠᠯᠠᠨ ᠬᠠᠮᠲᠤᠷᠠᠯᠴᠠᠵᠤ᠂ ᠳᠤᠲᠠᠭᠤᠳᠠᠯ ᠢᠶᠠᠨ ᠢᠯᠡᠨ ᠳᠠᠪᠠᠵᠤ᠂ ᠦᠷ᠎ᠡ ᠪᠦᠲᠦᠭᠡᠯ ᠢ ᠤᠨᠳᠤᠤᠰᠢᠭᠤᠯᠬᠤ ᠵᠡᠷᠭᠡ ︽ | ᠰᠡᠭᠦᠯᠴᠢ ᠶᠢᠨ ᠠᠵᠢᠯ︾ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | |