10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ | ᠨᠠᠮ ᠤᠨ ᠬᠤᠷᠢᠶᠠᠨ ᠤ 95 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠽᠦᠩ ᠵᠧ ᠵᠡᠷᠭᠡ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ ᠹᠧᠩ ᠵᠦᠩ ᠯᠢᠶᠠᠩ ᠰᠤᠯᠠ ᠣᠷᠣᠯᠴᠠᠪᠠ᠃ | | | | | | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ | ᠲᠥᠪ ᠤᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ᠂ ᠤᠢᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ᠂ ᠬᠥᠯᠥᠨ | ᠪᠤᠶᠢᠷ ᠬᠤᠳᠠ ᠶᠢᠨ ᠬᠤᠯᠪᠣᠭᠳᠠᠯ ᠪᠦᠬᠦᠢ ᠶᠠᠷᠢᠶ᠎ᠠ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | | | | | | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠨᠠᠰᠤᠵᠢᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠣᠷᠣᠨ ᠤ ᠠᠩᠬᠠᠳᠠᠭᠴᠢ | ᠪᠦᠯᠦᠭ ᠣᠷᠤᠭ ᠵᠠᠩ ᠦᠢᠯᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ | ᠲᠥᠪ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ ᠬᠢᠭᠰᠡᠨ ᠠᠯᠢ ᠣᠯᠠᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ︾ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠯᠲᠠ᠂ ᠵᠢᠷᠤᠮᠵᠢᠯᠲᠠ᠂ ᠳᠥᠭᠦᠮᠵᠢᠯᠲᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠳᠤ ᠥᠷᠢᠲᠦᠵᠦ ᠪᠠᠶᠢᠭ᠎ᠠ | ᠲᠠᠩᠰᠠᠨ ᠳᠠᠬᠢ ᠵᠣᠭᠤᠰ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠡᠷᠭᠡᠶᠢᠯᠡᠨ ᠠᠷᠢᠯᠭᠠᠬᠤ ᠲᠥᠰᠦᠯ ᠢ ᠨᠢᠭᠡᠳᠦᠯᠲᠡᠶ ᠲᠥᠯᠥᠪᠵᠢᠭᠦᠯᠦᠨ ᠲᠣᠭᠲᠠᠭᠠᠵᠤ᠂ | ᠥᠷᠢ ᠥᠭᠴᠡᠭᠡ ᠶᠢ ᠢᠯᠭᠠᠷᠠᠭᠤᠯᠬᠤ ᠡᠬᠡ ᠲᠠᠩᠰᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠷᠢ ᠥᠭᠴᠡᠭᠡ ᠶᠢ ᠢᠯᠭᠠᠷᠠᠭᠤᠯᠬᠤ ᠲᠤᠭ᠎ᠠ ᠪᠠᠷᠢᠮᠲᠠ ᠶᠢᠨ ᠪᠥᠬᠦ | ᠲᠠᠯ᠎ᠠ ᠶᠢᠨ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ ︽ᠷᠢᠳᠢ ᠰᠢᠳᠢ ᠲᠠᠢ ᠮᠥᠰᠥ ᠴᠠᠰᠤ ᠪᠠᠶᠠᠯᠢᠭ ᠬᠥᠳᠡᠭᠡ ᠲᠣᠰᠬᠤᠨ︾ ᠤ | ᠠᠷᠤᠨ ᠳᠠᠬᠢ ᠠᠶᠠᠯᠠᠯ᠂ ︽ᠮᠥᠰᠥ ᠴᠠᠰᠤᠨ ᠳᠤ ᠬᠤᠴᠢᠭᠳᠠᠭᠰᠠᠨ ᠶᠠᠫᠣᠨ ᠢ ᠡᠰᠡᠷᠭᠦᠴᠡᠬᠦ ᠬᠤᠯᠪᠣᠭᠠᠲᠤ ᠵᠠᠮ︾ ᠵᠡᠷᠭᠡ ᠰᠣᠳᠣᠨ ᠵᠢᠭᠤᠯᠴᠢᠯᠠᠯ ᠤᠨ ᠱᠤᠭᠤᠮ ᠢ | ᠡᠷᠲᠡᠬᠡᠨ ᠲᠥᠰᠦᠪᠯᠡᠨ ᠭᠠᠷᠭᠠᠵᠤ᠂ ︽ᠮᠥᠰᠥ ᠴᠠᠰᠤ + ᠬᠥᠳᠡᠭᠡ ᠲᠣᠰᠬᠤᠨ ᠤ ᠵᠢᠭᠤᠯᠴᠢᠯᠠᠯ︾᠂ ︽ᠮᠥᠰᠥ ᠴᠠᠰᠤ + ᠰᠣᠶᠣᠯ ᠵᠢᠭᠤᠯᠴᠢᠯᠠᠯ ᠤᠨ | ᠤᠷᠤᠯᠳᠤᠭᠠᠨ︾ ᠵᠡᠷᠭᠡ ᠤᠯᠠᠨ ᠡᠰᠢᠵᠢᠭᠰᠡᠨ ᠵᠢᠭᠤᠯᠴᠢᠯᠠᠯ ᠤᠨ ᠦᠢᠯᠡᠳᠬᠦᠨ ᠢ ᠪᠤᠶᠢᠵᠢᠭᠤᠯᠤᠨ ᠡᠭᠦᠳᠴᠦ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ᠂ ᠰᠣᠶᠣᠯ ᠵᠢᠭᠤᠯᠴᠢᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |