ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/4
    10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠭᠰᠡᠨ ᠪᠠᠶᠢᠳᠠᠯ ᠢ ᠰᠣᠨᠣᠰᠴᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃ ᠽᠦᠩ ᠵᠧ᠂ ᠬᠠᠨ ᠰᠢᠶᠠᠨ ᠬᠤᠢ᠂ ᠵᠠᠩ ᠰᠢᠤᠸᠠᠢ ᠹᠧᠩ᠂ ᠫᠠᠨ ᠰᠢᠶᠤᠤ ᠵᠢᠶᠠ ᠣᠷᠣᠯᠴᠠᠪᠠ᠃
1.jpg
    ᠬᠤᠷᠠᠯ ᠠᠴᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠤᠢᠢᠷ᠎ᠡ ᠶᠢᠨ ᠬᠤᠭᠤᠴᠠᠭᠠᠨ ᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠯᠢ ᠤᠯᠠᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢᠨ ᠴᠢᠭᠯᠡᠯ ᠵᠡᠷᠭᠡ ᠶᠢᠨ ᠬᠤᠪᠢᠷᠠᠯᠲᠠ ᠶᠢ ᠭᠦᠨᠵᠡᠭᠡᠢ ᠰᠤᠳᠤᠯᠵᠤ᠂ ᠬᠥᠭᠵᠢᠯᠲᠡ ᠶᠢᠨ ᠴᠢᠭᠯᠡᠯ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠨᠥᠭᠡᠴᠡᠯᠡᠯ ᠪᠣᠯᠤᠨ ᠴᠢᠷᠮᠠᠶᠢᠯᠭ᠎ᠠ ᠶᠢ ᠲᠦᠷᠭᠡᠳᠬᠡᠵᠦ᠂ ᠨᠡᠩ ᠤᠯᠠᠨ ᠲᠦᠷᠦ ᠶᠢᠨ ᠪᠤᠳᠤᠯᠭ᠎ᠠ ᠤᠨ ᠪᠡᠯᠡ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠢ᠃    ᠮᠠᠨ ᠤ ᠬᠤᠰᠢᠭᠤᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠨᠴᠠᠯᠢᠭᠲᠤ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠ ᠣᠷᠣᠨ ᠵᠠᠢ ᠶᠢᠨ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠠᠵᠤ ᠦᠢᠯᠡᠰ ᠤᠨ ᠬᠡᠯᠬᠢᠶᠡᠵᠢᠯ᠂ ᠰᠢᠨ᠎ᠡ ᠶᠢ ᠡᠭᠦᠳᠬᠦ ᠬᠡᠯᠬᠢᠶᠡᠵᠢᠯ᠂ ᠥᠷᠲᠡᠭ ᠤᠨ ᠬᠡᠯᠬᠢᠶᠡᠵᠢᠯ ᠢ ᠨᠥᠬᠦᠪᠥᠷᠢᠯᠡᠨ ᠪᠤᠵᠠᠭᠠᠶᠢᠷᠠᠭᠤᠯᠬᠤ ᠰᠢᠯᠢᠳᠡᠭ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠬᠤ ᠬᠡᠷᠡᠭᠲᠡᠢ᠃    ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠤᠮᠳᠠᠬᠢ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠥᠬᠦ ᠶᠠᠪᠤᠴᠠ ᠳᠤ ᠮᠥᠷᠳᠡᠨ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ᠂ ᠪᠥᠬᠦ ᠶᠠᠪᠤᠴᠠ ᠳᠤ ᠠᠩᠬᠠᠷᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠭᠦᠢᠴᠡᠳᠭᠡᠬᠦ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃    ᠠᠵᠢᠯ ᠡᠬᠢᠯᠡᠭᠦᠯᠦᠭᠡᠳᠦᠶ ᠲᠥᠷᠥᠯ ᠵᠦᠢᠯ ᠳᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠴᠢᠬᠤᠯᠠ ᠨᠥᠬᠦᠴᠡᠯ ᠢ ᠲᠦᠷᠭᠡᠳᠬᠡᠨ ᠭᠦᠢᠴᠡᠳᠭᠡᠵᠦ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠠᠶᠢᠭᠤᠯᠵᠤ ᠳᠠᠭᠤᠰᠬᠠᠨ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃    ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠂ ᠬᠠᠷᠠᠯᠲᠠ ᠡᠭᠦᠷᠭᠡ ᠨᠢᠭᠡ ᠨᠢᠭᠡ ᠲᠥᠷᠥᠯ ᠵᠦᠢᠯ ᠢ ᠬᠠᠷᠢᠭᠤᠴᠠᠯᠭ᠎ᠠ ᠶᠢᠨ ᠭᠤᠣᠯ ᠴᠣᠭᠴᠠ ᠳᠤ ᠬᠤᠪᠢᠶᠠᠷᠢᠯᠠᠨ᠂ ᠬᠡᠳᠦᠢ ᠨᠠᠷᠢᠨ ᠵᠠᠳᠠᠯᠪᠠᠯ ᠲᠡᠳᠦᠢ ᠰᠠᠶᠢᠨ᠂ ᠴᠠᠭ ᠣᠨ ᠠᠬᠢᠴᠠ ᠶᠢ ᠬᠡᠳᠦᠢ ᠪᠣᠳᠠᠲᠠᠢ ᠲᠣᠬᠢᠷᠠᠭᠤᠯᠪᠠᠯ ᠲᠡᠳᠦᠢ ᠰᠠᠶᠢᠨ᠂ ᠬᠤᠲᠠ ᠬᠤᠰᠢᠭᠤ ᠬᠤᠶᠠᠷ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ