ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/4
    11 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠬᠠᠶᠢᠷ᠎ᠠ ᠰᠡᠳᠬᠢᠯᠭᠡ᠂ ᠬᠠᠷᠢᠭᠤᠴᠠᠯᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ ᠃ ᠵᠠᠩ ᠰᠢᠤᠸᠠᠢ ᠹᠧᠩ ᠣᠷᠣᠯᠴᠠᠪᠠ᠃
1.jpg
    ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠠᠩ ᠸᠧᠶ ᠵᠢᠶᠦ᠋ᠨ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠪᠠ ᠵᠠᠰᠠᠭ ᠤᠨ ᠣᠷᠳᠣᠨ ᠤ ᠠᠷᠠᠳ ᠣᠯᠠᠨ ᠲᠠᠢ ᠬᠠᠷᠢᠯᠴᠠᠬᠤ ᠴᠢᠬᠤᠯᠠ ᠴᠣᠩᠬᠤ ᠮᠥᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠨᠠᠮ ᠪᠠ ᠣᠯᠠᠨ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠨᠢᠭᠲᠠᠷᠠᠭᠤᠯᠵᠤ᠂ ᠣᠯᠠᠨ ᠲᠦᠮᠡᠨ ᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠠᠤᠯᠢᠵᠢᠯ ᠤᠨ ᠰᠡᠳᠬᠢᠬᠦᠶ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠶ᠋ᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠠᠮᠲᠤᠯᠢᠭ ᠪᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠲᠤᠪᠤᠶᠢᠮ᠎ᠠ ᠵᠥᠷᠢᠴᠡᠯ ᠢ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠨᠢᠭᠡᠳᠦᠯᠲᠡᠢ ᠳᠤ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ ᠪᠠ ᠱᠠᠭᠠᠷᠳᠠᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠨ ᠴᠢᠩᠭᠠᠳᠬᠠᠵᠤ᠂ ᠵᠥᠷᠢᠴᠡᠯ ᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ᠂ ᠴᠤᠬᠤᠶᠢᠬᠤ ᠳᠡᠭᠡᠷ᠎ᠡ ᠨᠢ ᠰᠢᠢᠳᠪᠦᠷᠢᠯᠡᠵᠦ᠂ ᠪᠦᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠬᠤ ᠪᠠᠷ ᠴᠢᠷᠮᠠᠶᠢᠬᠤ ᠬᠡᠷᠡᠭᠲᠡᠢ᠃
2.jpg
 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ