11 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ | ᠥᠭᠡᠷᠡᠴᠢᠯᠡᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ ᠤ ᠴᠡᠭᠴᠡᠯᠡᠨ ᠥᠭᠡᠷᠡᠴᠢᠯᠡᠬᠦ ᠠᠵᠢᠯ ᠤᠨ | ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠨᠡᠷ ᠬᠤᠷᠠᠯ ᠳᠤ | ᠣᠷᠣᠯᠴᠠᠪᠠ᠃ | | | | | | ᠬᠤᠷᠠᠯ ᠠᠴᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠡᠯ᠎ᠡ ᠬᠦᠷᠢᠶᠡᠨ ᠤ ᠬᠠᠷᠢᠭᠤ | ᠮᠡᠳᠡᠭᠦᠯᠦᠯᠲᠡ ᠶᠢ ᠲᠤᠰ ᠲᠤᠰ ᠰᠣᠨᠣᠰᠪᠠ᠃ | | | | | | ᠬᠤᠷᠠᠯ ᠠᠴᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢ ᠨᠤᠲᠠᠯᠠᠨ ᠲᠣᠭᠲᠠᠭᠠᠬᠤ ᠪᠠᠷᠢᠮᠵᠢᠶ᠎ᠠ︾ ᠪᠣᠯᠤᠨ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠠᠵᠢᠯ ᠤᠨ ᠲᠣᠭᠲᠠᠴᠠ | ᠵᠡᠷᠭᠡ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠵᠦᠢᠯ ᠳᠠᠷᠠᠭᠠᠯᠠᠨ ᠰᠤᠳᠤᠯᠵᠤ᠂ ᠴᠡᠭᠴᠡᠯᠡᠨ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠡᠭᠦᠷᠭᠡ ᠶᠢᠨ ᠠᠵᠢᠯ ᠤᠨ ᠠᠬᠢᠴᠠ ᠶᠢ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠵᠤ᠂ ᠬᠠᠮᠤᠭ ᠤᠨ | ᠣᠬᠤᠷᠬᠠᠨ ᠬᠤᠭᠤᠴᠠᠭᠠᠨ ᠳᠤ ᠱᠠᠲᠤᠴᠢ ᠴᠢᠨᠠᠷᠲᠠᠶ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠶ | ᠤᠭᠲᠤᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | |