ᠽᠦᠩ ᠵᠧ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/4
    11 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠨ ᠰᠢᠶᠠᠨ ᠬᠤᠶ᠂ ᠭᠦᠸᠧ ᠫᠢᠩ᠂ ᠭᠦᠸᠧ ᠶᠢᠨ ᠱᠧᠩ᠂ ᠫᠠᠨ ᠰᠢᠶᠤᠤ ᠵᠢᠶᠠ᠂ ᠵᠠᠩ ᠶᠧ ᠬᠤᠷᠠᠯ ᠳᠤ ᠣᠷᠣᠯᠴᠠᠵᠤ᠂ ᠸᠠᠩ ᠵᠢᠶᠠ ᠶᠢᠦ᠂ ᠯᠢ ᠳ᠋ᠡ ᠬᠤᠷᠠᠯ ᠳᠤ ᠰᠤᠯᠠ ᠣᠷᠣᠯᠴᠠᠵᠠᠶ᠃
1.jpg
    ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
2.jpg
    ︽ᠵᠢᠷᠭᠤᠭᠠᠨ ᠢᠨᠵᠧᠨᠧᠷᠢᠩ︾᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ ᠠᠵᠢᠯᠯᠠᠭᠠᠨ᠂ ᠡᠯ᠎ᠡ ᠰᠠᠯᠠᠭ᠎ᠠ ᠮᠥᠴᠢᠷ ᠤᠨ 2025 ᠣᠨ ᠤ ᠭᠤᠤᠯᠳᠠᠯᠭ᠎ᠠ ᠲᠠᠢ ᠠᠵᠢᠯ ᠤᠨ ᠲᠥᠯᠥᠪᠯᠡᠭᠡ ᠵᠢᠴᠢ ︽ᠠᠷᠪᠠᠳᠤᠭᠠᠷ ᠲᠠᠪᠤᠳᠤᠭᠠᠷ ᠲᠠᠪᠤᠨ ᠵᠢᠯ︾ ᠤᠨ ᠠᠵᠢᠯ ᠢ ᠲᠥᠯᠥᠪᠯᠡᠭᠰᠡᠨ ᠪᠠᠶᠢᠳᠠᠯ ᠵᠡᠷᠭᠡ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠂ ᠨᠡᠩ ᠴᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠵᠠᠩᠭᠢᠯᠠᠭ᠎ᠠ ᠶᠢᠨ ᠭᠠᠷᠳᠠᠴᠠ ᠪᠣᠯᠤᠨ᠎ᠠ᠃ ᠲᠣᠭᠲᠠᠭᠰᠠᠨ ᠬᠠᠷᠠᠯᠲᠠ ᠪᠣᠯᠤᠨ ᠴᠠᠭ ᠤᠨ ᠳᠠᠷᠠᠭᠠᠯᠠᠯ ᠤᠨ ᠠᠬᠢᠴᠠ ᠲᠠᠢ ᠬᠠᠷᠭᠤᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠲᠣᠭᠲᠠᠭᠰᠠᠨ ᠴᠠᠭ ᠲᠠᠭᠠᠨ ᠰᠡᠳᠦᠪ ᠢᠶᠠᠨ ᠰᠠᠶᠢᠲᠤᠷ ᠬᠠᠷᠢᠭᠤᠯᠬᠤ᠂ ᠳᠠᠩᠰᠠ ᠪᠠᠨ ᠰᠠᠶᠢᠲᠤᠷ ᠬᠠᠷᠭᠤᠭᠤᠯᠬᠤ᠂ ᠡᠪᠬᠡᠮᠡᠯ ᠢᠶᠠᠨ ᠰᠠᠶᠢᠲᠤᠷ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠳ ︽ᠨᠢᠭᠡ ᠬᠤᠰᠢᠭᠤ ᠬᠤᠲᠠ ᠨᠢᠭᠡ ᠠᠷᠭ᠎ᠠ ᠪᠣᠳᠣᠯᠭ᠎ᠠ︾ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ ᠨᠢᠭᠲᠠ ᠠᠩᠬᠠᠷᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠢ ᠲᠥᠰᠦᠪᠯᠡᠬᠦ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠭᠦᠢᠴᠡᠳᠭᠡᠯ ᠲᠤᠭ᠎ᠠ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠲᠡᠰ ᠳᠡᠪᠰᠢᠬᠦ᠂ ᠪᠣᠬᠢᠷᠲᠤᠯ ᠦᠭᠡᠢ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠵᠢᠷᠤᠭ ᠲᠥᠰᠦᠪ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠤᠯᠠᠨ ᠴᠢᠬᠤᠯᠠ ᠶᠡᠭᠡ ᠲᠦᠷᠦᠯ ᠵᠦᠢᠯ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠬᠦᠰᠡᠯ ᠱᠠᠭᠠᠷᠳᠠᠯᠭ᠎ᠠ ᠪᠣᠯᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠭᠡᠳᠦ ᠱᠠᠲᠤᠨ ᠤ ᠲᠥᠯᠥᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠠᠬᠢᠭᠤᠯᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ ᠠᠰᠠᠭᠤᠳᠠᠯ ᠢ ᠰᠢᠢᠳᠪᠦᠷᠢᠯᠡᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ