ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠡᠨᠡ ᠵᠢᠯ᠂ | ᠠᠷᠤᠨ ᠬᠤᠰᠢᠭᠤ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ᠂ | ᠣᠯᠠᠨ ᠠᠷᠭ᠎ᠠ ᠵᠠᠮ᠂ ᠣᠯᠠᠨ ᠠᠷᠭ᠎ᠠ ᠬᠡᠯᠪᠡᠷᠢ ᠪᠠᠷ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠰᠣᠯᠢᠯᠴᠠᠭ᠎ᠠ ᠶᠢ ᠠᠬᠢᠭᠤᠯᠵᠤ᠂ ᠠᠷᠰᠠᠷ ᠠᠵᠢᠯ ᠤᠨ ᠥᠷᠲᠡᠭᠡ᠂ | ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠶᠢᠨ | ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠵᠣᠯᠭᠠᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠢ ᠠᠵᠢᠯ ᠣᠯᠭᠤᠯᠲᠠ ᠶᠢᠨ ︽ᠪᠤᠳᠠᠭᠠᠨ ᠠᠶᠠᠭ᠎ᠠ︾ ᠪᠠᠨ ᠯᠠᠪᠳᠠᠭᠤᠨ | ᠪᠠᠶᠢᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠴᠢᠬᠤᠯᠠ | ᠡᠯᠧᠮᠧᠨ᠋ᠲ ᠤᠨ ᠪᠠᠲᠤᠯᠠᠭ᠎ᠠ ᠬᠠᠩᠭᠠᠪᠠ᠃ | | | | | | 10 ᠰᠠᠷ᠎ᠠ ᠶᠢᠨ 30 ᠤ ᠡᠳᠦᠷ᠂ 46 ᠠᠵᠢᠯᠲᠠᠨ ᠮᠠᠰᠢᠨ ᠲᠡᠷᠭᠡᠨ ᠳᠤ ᠰᠠᠭᠤᠵᠤ ᠵᠧᠵᠢᠶᠠᠩ ᠮᠤᠵᠢ ᠶᠢᠨ ᠨᠢᠩᠪᠦ᠋ᠸᠧ ᠶᠢᠨ ᠬᠤᠸᠠᠳᠧ ᠮᠠᠰᠢᠨ ᠲᠡᠷᠭᠡᠨ ᠤ | ᠰᠡᠯᠪᠢᠭ ᠲᠣᠨᠤᠭ ᠤᠨ ᠬᠢᠵᠠᠭᠠᠷᠲᠤ ᠺᠣᠮᠫᠠᠨᠢ ᠳᠤ ᠬᠦᠷᠴᠦ ᠠᠵᠢᠯ ᠬᠢᠪᠠ᠃ ᠡᠨᠡ ᠪᠣᠯ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠥᠷᠨᠢᠭᠦᠯᠦᠭᠰᠡᠨ ︽ᠠᠵᠢᠯ︾ ᠤᠨ ᠠᠯᠲᠠᠨ ᠨᠠᠮᠤᠷ᠂ ︽ᠠᠵᠢᠯ︾ ᠤᠨ ᠢᠷᠡᠭᠡᠳᠦᠶ - ᠠᠷᠤᠨ ᠬᠤᠰᠢᠭᠤᠨ ᠤ 2024 | ᠣᠨ ᠤ ᠠᠯᠲᠠᠨ ᠨᠠᠮᠤᠷ ᠤᠨ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠪᠣᠯᠤᠨ᠎ᠠ᠂ ᠲᠣᠰ ᠤᠳᠠᠭ᠎ᠠ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠨ ᠨᠢ ᠠᠷᠤᠨ | ᠬᠤᠰᠢᠭᠤᠨ ᠤ ᠲᠣᠰ ᠭᠠᠵᠠᠷ ᠤᠨ 39 ᠬᠥᠮᠦᠨ ᠢ ᠪᠠᠭᠲᠠᠭᠠᠬᠤ ᠪᠠᠷ ᠪᠠᠷᠠᠬᠤ ᠥᠬᠡᠶ᠂ ᠵᠠᠯᠠᠨ ᠠᠶᠢᠯ ᠬᠤᠲᠠ᠂ ᠮᠣᠷᠢᠨ ᠳᠠᠪᠠᠭ᠎ᠠ ᠬᠤᠰᠢᠭᠤ ᠵᠡᠷᠭᠡ ᠡᠷᠬᠢᠨ | ᠲᠣᠭᠤᠷᠢᠨ ᠤ ᠬᠤᠰᠢᠭᠤ ᠬᠤᠲᠠ ᠶᠢᠨ 7 ᠬᠥᠮᠦᠨ ᠢ ᠪᠠᠭᠲᠠᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠣᠳᠣᠬᠠᠨ ᠳᠤ ᠶᠠᠭ ᠨᠠᠮᠤᠷ ᠤᠨ ᠬᠤᠷᠢᠶᠠᠯᠲᠠ ᠳᠠᠭᠤᠰᠴᠤ ᠪᠣᠶ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠤᠰᠢᠭᠤᠨ ᠭᠠᠳᠠᠨᠠᠬᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠯᠳᠤᠵᠤ᠂ ᠳᠡᠭᠡᠳᠦ | ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ᠂ | ᠳᠠᠩᠰᠠᠯᠠᠭᠤᠯᠤᠭᠰᠠᠨ ᠠᠵᠢᠯ ᠠᠯᠳᠠᠭᠰᠠᠳ ᠵᠡᠷᠭᠡ ᠬᠥᠳᠡᠯᠮᠦᠷᠢᠴᠢᠳ ᠢ ᠬᠠᠪᠰᠤᠷᠤᠨ ᠠᠵᠢᠯ ᠣᠯᠭᠤᠵᠤ ᠦᠢᠯᠡᠰ ᠴᠣᠭᠴᠠᠯᠠᠭᠤᠯᠵᠤ᠂ ᠲᠡᠳᠡᠨ ᠢ ︽ᠠᠵᠢᠯ ᠤᠯᠬᠤ ᠳᠤ | ᠣᠴᠢᠬᠤ ᠭᠠᠵᠠᠷ ᠲᠠᠢ︾᠂ ︽ᠠᠵᠢᠯ ᠤᠯᠬᠤ ᠳᠤ ᠠᠷᠭ᠎ᠠ ᠵᠠᠮ ᠲᠠᠢ︾ ᠪᠣᠯᠭᠠᠪᠠ᠃ | | | | | | ᠣᠶᠢᠯᠠᠭᠠᠭᠰᠠᠨ ᠢᠶᠠᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠷᠰᠠᠷ ᠠᠵᠢᠯ ᠤᠨ ᠵᠠᠬ᠎ᠠ | ᠳᠡᠯᠭᠡᠭᠦᠷ ᠤᠨ ᠠᠵᠢᠯ ᠣᠯᠭᠤᠯᠲᠠ ᠶᠢᠨ ︽ᠤᠰᠤ ᠬᠠᠳᠠᠭᠠᠯᠠᠬᠤ ᠴᠥᠭᠦᠷᠥᠮ︾ ᠪᠠ ︽ᠴᠠᠭ ᠠᠭᠤᠷ ᠤᠨ ᠬᠡᠮᠵᠢᠭᠦᠷ︾ ᠤᠨ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ᠂ ᠠᠷᠰᠠᠷ ᠠᠵᠢᠯ ᠤᠨ ᠵᠠᠬ᠎ᠠ ᠳᠡᠯᠭᠡᠭᠦᠷ ᠲᠤ ᠲᠦᠰᠢᠭᠯᠡᠨ᠂ ᠠᠵᠢᠯᠴᠢᠨ ᠬᠡᠷᠡᠭᠯᠡᠬᠦ ᠬᠥᠭᠦᠷᠭᠡ ᠪᠠᠶᠢᠭᠤᠯᠵᠤ᠂ ᠰᠦᠯᠵᠢᠶᠡᠨ ᠭᠠᠳᠠᠨ᠎ᠠ ᠪᠠ ᠰᠦᠯᠵᠢᠶᠡᠨ | ᠳᠡᠭᠡᠷ᠎ᠡ ᠵᠡᠷᠭᠡ ᠪᠠᠷ ᠶᠠᠪᠤᠭᠳᠠᠭᠤᠯᠬᠤ ᠵᠠᠭᠪᠤᠷ ᠢ ᠠᠪᠴᠤ᠂ ᠰᠤᠷᠪᠤᠯᠵᠢᠯᠠᠨ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ | ᠠᠵᠢᠯ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠡᠯ᠎ᠡ ᠲᠥᠷᠥᠯ ᠤᠨ ᠠᠵᠢᠯᠲᠠᠨ ᠡᠯᠰᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯ ᠡᠷᠢᠭᠰᠡᠳ ᠪᠠ ᠠᠵᠤ | ᠠᠬᠤᠶᠢᠯᠠᠯ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃ ᠰᠦᠯᠵᠢᠶᠡᠨ ᠳᠡᠭᠡᠷ᠎ᠡ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠢᠭᠤᠳ ᠨᠡᠪᠲᠡᠷᠡᠭᠦᠯᠦᠨ ᠠᠵᠢᠯ ᠤᠨ ᠪᠠᠶᠢᠷᠢ ᠳᠠᠭᠠᠭᠤᠯᠵᠤ᠂ ᠬᠢᠯᠢ ᠶᠢᠨ ᠭᠠᠳᠠᠨᠠᠬᠢ ᠬᠥᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠶᠢᠨ | ᠰᠠᠭᠤᠷᠢᠨ ᠭᠠᠵᠠᠷ ᠤᠨ ᠮᠡᠳᠡᠭᠡ ᠵᠠᠩᠭᠢ ᠶᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠨ᠎ᠠ᠃ ᠰᠦᠯᠵᠢᠶᠡᠨ ᠠᠴᠠ ᠭᠠᠳᠠᠨ᠎ᠠ᠂ ᠡᠯ᠎ᠡ ᠦᠨᠳᠦᠰᠦᠨ ᠱᠠᠲᠤᠨ ᠤ | ᠬᠥᠳᠡᠯᠮᠦᠷᠢ ᠶᠢᠨ ᠪᠠᠲᠤᠯᠠᠭ᠎ᠠ ᠶᠢᠨ ᠲᠠᠪᠴᠠᠩ ᠳᠤ ᠲᠦᠰᠢᠭᠯᠡᠨ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠲᠣᠰᠬᠤᠨ ᠤ ᠠᠷᠠᠳ ᠤᠨ ᠳᠤᠭᠤᠶᠢᠯᠠᠩ᠂ ᠡᠯ᠎ᠡ | ᠲᠤᠤᠷᠵᠢᠭᠰᠠᠨ ᠰᠠᠭᠤᠭᠠᠯᠢ ᠠᠷᠠᠳ ᠤᠨ ᠬᠡᠷ ᠲᠤ ᠬᠦᠷᠭᠡᠵᠦ᠂ ᠬᠥᠮᠦᠨ ᠪᠠ ᠠᠵᠢᠯ ᠤᠨ ᠪᠠᠶᠢᠷᠢ ᠶᠢ ᠦᠨᠡᠨ ᠬᠦ ᠵᠣᠯᠭᠠᠭᠤᠯᠵᠤ᠂ ᠨᠢᠭᠲᠠ ᠵᠣᠯᠭᠠᠭᠤᠯᠤᠨ᠎ᠠ᠃ | | | | | | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1 | ᠰᠠᠷ᠎ᠠ ᠠᠴᠠ 9 ᠰᠠᠷ᠎ᠠ ᠪᠣᠯᠲᠠᠯ᠎ᠠ᠂ ᠠᠷᠤᠨ ᠬᠤᠰᠢᠭᠤᠨ ᠤ ᠬᠤᠲᠠ ᠪᠠᠯᠭᠠᠰᠤᠨ ᠳᠤ 698 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠤᠨ ᠬᠠᠷᠠᠯᠲᠠ | ᠡᠭᠦᠷᠭᠡ ᠶᠢᠨ 162 . 33 % ᠶᠢ ᠪᠡᠶᠡᠯᠡᠭᠦᠯᠦᠨ᠂ 23691 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠵᠢᠯ ᠤᠨ ᠬᠠᠷᠠᠯᠲᠠ ᠡᠭᠦᠷᠭᠡ ᠶᠢᠨ | 125 . 02 % ᠢ ᠪᠡᠶᠡᠯᠡᠭᠦᠯᠦᠨ᠂ ᠠᠵᠢᠯ ᠤᠯᠬᠤ ᠳᠤ ᠬᠦᠴᠢᠷᠲᠡᠶ 310 ᠬᠥᠮᠦᠨ ᠳᠤ ᠳᠠᠬᠢᠨ ᠠᠵᠢᠯ ᠣᠯᠭᠤᠵᠤ᠂ ᠣᠨ ᠤ ᠬᠠᠷᠠᠯᠲᠠ ᠡᠭᠦᠷᠭᠡ ᠶᠢᠨ 103 . | 33 % ᠶᠢ ᠪᠡᠶᠡᠯᠡᠭᠦᠯᠦᠨ᠂ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 22 ᠤᠳᠠᠭ᠎ᠠ 803 ᠲᠦᠮᠡᠨ ᠲᠥᠭᠦᠷᠢᠭ ᠲᠠᠷᠬᠠᠭᠠᠵᠤ᠂ ᠣᠨ ᠤ ᠬᠠᠷᠠᠯᠲᠠ | ᠡᠭᠦᠷᠭᠡ ᠶᠢᠨ 100 . 38 % ᠶᠢ ᠪᠡᠶᠡᠯᠡᠭᠦᠯᠦᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ | | | | |