ᠠᠷᠤᠨ ᠬᠤᠰᠢᠭᠤᠨ ᠤ ᠪᠤᠶᠢᠺᠤ ᠪᠥᠮᠪᠦᠭᠡ᠄ ᠵᠠᠯᠠᠭᠤ ᠨᠠᠰᠤ ᠶᠢᠨ ᠠᠮᠢᠵᠢᠷᠠᠯ ᠰᠤᠷᠭᠠᠭᠤᠯᠢ ᠶᠢᠨ ᠬᠦᠷᠢᠶᠡᠨ ᠳᠤ ᠳᠡᠯᠭᠡᠷᠡᠪᠡ
ᠨᠡᠶᠢᠲᠡᠯᠡᠭᠰᠡᠨ ᠴᠠᠭ᠄
2024/11/5
    ᠠᠷᠤᠨ ᠬᠤᠰᠢᠭᠤᠨ ᠳᠤ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠨᠢᠭᠡ ᠵᠦᠢᠯ ᠤᠨ ᠴᠣ᠋ ᠰᠢᠨ᠎ᠡ ᠳᠦᠷᠰᠦ ᠪᠠᠶᠢᠳᠠᠯ ᠢᠶᠠᠷ ᠥᠷᠨᠢᠨ ᠬᠦᠭᠵᠢᠬᠦ ᠶᠢ ᠳᠠᠭᠠᠯᠳᠤᠨ᠂ ᠠᠷᠤᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠵᠢᠭᠠᠨ ᠰᠤᠷᠭᠠᠬᠤ ᠠᠷᠭ᠎ᠠ ᠶᠢᠨ ᠰᠢᠨ᠎ᠡ ᠶᠢ ᠡᠭᠦᠳᠬᠦ ᠪᠠᠷ ᠠᠷᠭ᠎ᠠ ᠪᠠᠷᠢᠯ ᠪᠣᠯᠭᠠᠵᠤ᠂ ᠪᠤᠶᠢᠺᠤ ᠪᠥᠮᠪᠦᠭᠡ ᠶᠢᠨ ᠣᠨᠴᠠᠯᠢᠭᠲᠤ ᠬᠢᠴᠢᠶᠡᠯ ᠤᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ᠂ ᠰᠤᠷᠤᠭᠴᠢᠳ ᠤᠨ ᠳᠠᠯᠳᠠ ᠬᠦᠴᠦᠨ ᠢ ᠠᠭᠤᠳᠠᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃
1.jpg
    ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠲᠠᠯᠠᠪᠠᠢ ᠳᠤ ᠣᠷᠣᠬᠤ ᠳᠤ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠪᠢᠴᠢᠬᠠᠨ ᠠᠩᠭᠢ ᠶᠢᠨ ᠭᠡᠰᠢᠭᠦᠳ ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠨ ᠪᠣᠯᠪᠠᠰᠤᠷᠠᠯ ᠤᠨ ᠪᠣᠯᠪᠠᠰᠤᠷᠠᠯ ᠬᠢᠵᠦ ᠪᠠᠢᠨ᠎ᠠ᠃ ᠪᠥᠮᠪᠦᠭᠡ ᠵᠠᠯᠠᠬᠤ᠂ ᠪᠥᠮᠪᠦᠭᠡ ᠳᠡᠯᠡᠳᠬᠦ᠂ ᠪᠥᠮᠪᠦᠭᠡ ᠵᠠᠯᠠᠵᠤ ᠰᠢᠳᠠᠮ ᠡᠷᠭᠢᠭᠦᠯᠬᠦ᠂ ᠬᠥᠳᠡᠯᠭᠡᠭᠡᠨ ᠪᠦᠷᠢ ᠨᠢ ᠪᠦᠷ ᠬᠦᠴᠦ ᠪᠠ ᠤᠷ᠎ᠠ ᠳᠡᠮ ᠢᠶᠠᠷ ᠳᠦᠭᠦᠷᠡᠩ᠃ ᠳᠠᠰᠬᠠᠯᠵᠢᠭᠤᠯᠤᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ᠂ ᠡᠰᠡᠷᠭᠦᠴᠡᠯᠳᠦᠬᠦ ᠰᠣᠷᠢᠯᠲᠠ ᠵᠢᠩᠬᠢᠨᠢ ᠪᠠᠷ ᠡᠬᠢᠯᠡᠵᠦ᠂ ᠠᠩᠭᠢ ᠶᠢᠨ ᠭᠡᠰᠢᠭᠦᠳ ᠦᠳᠲᠡᠷ ᠲᠦᠷᠭᠡᠨ ᠪᠠᠢᠳᠠᠯ ᠳᠠᠭᠠᠨ ᠣᠷᠣᠵᠤ᠂ ᠭᠦᠶᠦᠬᠦ᠂ ᠪᠥᠮᠪᠦᠭᠡ ᠳᠠᠮᠵᠢᠭᠤᠯᠬᠤ᠂ ᠡᠭᠦᠳᠡ ᠰᠤᠮᠤᠳᠠᠬᠤ ᠵᠡᠷᠭᠡ ᠶᠢ ᠢᠳᠡᠪᠬᠢᠲᠡᠢ ᠪᠣᠯᠪᠠᠰᠤᠷᠠᠨ᠂ ᠤᠬᠠᠭᠠᠨ ᠢᠶᠠᠨ ᠣᠯᠣᠯᠴᠠᠵᠤ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠢᠯᠡᠷᠡᠭᠦᠯᠪᠡ᠃
2.jpg
    ᠪᠤᠶᠢᠺᠤ ᠪᠥᠮᠪᠦᠭᠡ ᠶᠢᠨ ᠠᠩᠭᠢ ᠶᠢᠨ ᠭᠡᠰᠢᠭᠦᠳ ᠨᠢ ᠴᠥᠮ ᠵᠠᠯᠠᠭᠤᠴᠤᠳ ᠪᠠᠭᠠᠴᠤᠳ ᠪᠠᠶᠢᠵᠤ᠂ ᠠᠷᠤᠭ ᠶᠠᠰᠤ ᠨᠢ ᠬᠠᠷᠠᠬᠠᠨ ᠪᠦᠷᠢᠮᠦᠰᠦᠨ ᠪᠤᠶᠢᠵᠢᠵᠤ ᠳᠡᠢᠯᠦᠭᠡᠳᠦᠢ ᠪᠣᠯᠬᠤᠷ᠂ ᠳᠠᠰᠬᠠᠯᠵᠢᠭᠤᠯᠤᠭᠴᠢ ᠶᠢᠨ ᠪᠦᠯᠬᠦᠮ ᠤᠨ ᠬᠢᠨ ᠬᠦᠨᠳᠦ ᠶᠢ ᠡᠭᠦᠷᠬᠦ ᠦᠭᠡᠢ ᠪᠣᠯᠪᠠᠰᠤᠷᠠᠯ ᠢ ᠣᠨᠴᠠᠭᠠᠢ ᠴᠢᠬᠤᠯᠠᠴᠢᠯᠠᠵᠤ᠂ ᠠᠯᠢ ᠣᠯᠠᠨ ᠣᠯᠠᠨ ᠡᠰᠢᠴᠢᠯᠡᠭᠰᠡᠨ ᠪᠣᠯᠪᠠᠰᠤᠷᠠᠯ ᠤᠨ ᠲᠥᠷᠥᠯ ᠵᠦᠢᠯ ᠢᠶᠠᠷ ᠳᠠᠮᠵᠢᠨ᠂ ᠲᠠᠮᠢᠷᠴᠢᠳ ᠤᠨ ᠮᠡᠷᠭᠡᠵᠢᠯ ᠤᠨ ᠲᠣᠭᠲᠠᠪᠤᠷᠢᠲᠤ ᠴᠢᠨᠠᠷ᠂ ᠪᠡᠶ᠎ᠡ ᠶᠢᠨ ᠴᠢᠳᠠᠪᠤᠷᠢ ᠶᠢᠨ ᠨᠥᠭᠡᠴᠡ ᠪᠠ ᠬᠦᠴᠦᠨ ᠤ ᠨᠥᠭᠡᠴᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠪᠥᠮᠪᠥᠭᠡᠨ ᠠᠩᠭᠢ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠢ ᠴᠢᠩᠭᠠᠳᠬᠠᠵᠠᠢ᠃
3.jpg
    2013 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢᠶᠠᠷ ᠦᠨᠡᠯᠡᠭᠳᠡᠭᠰᠡᠨ ᠠᠴᠠ ᠨᠠᠭᠠᠰᠢ᠂ ᠠᠷᠤᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠤᠶᠢᠺᠤ ᠪᠥᠮᠪᠥᠭᠡᠨ ᠠᠩᠭᠢ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠪᠤᠶᠢᠺᠤ ᠪᠥᠮᠪᠦᠭᠡ ᠶᠢᠨ ᠤᠷᠤᠯᠳᠤᠭᠠᠨ ᠤ ᠡᠮᠡᠭᠲᠡᠶ ᠶᠢᠨ ᠬᠥᠬᠡᠭᠴᠢᠨ ᠳᠤᠭᠤᠢᠯᠠᠩ ᠤᠨ ᠳᠡᠳ᠋ᠯᠡᠪᠡ᠂ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠦᠢᠺᠦ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ 2022 ᠣᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ U ᠰᠢᠷᠢᠰ ᠪᠦᠢᠺᠦ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ︵ᠳᠤᠮᠳᠠᠳᠤ ᠰᠤᠷᠭᠠᠭᠤᠯᠢ ᠶᠢᠨ ᠰᠣᠷᠣᠭᠴᠢ︶ ᠤᠨ ᠪᠦᠢᠺᠦ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠬᠤᠶᠠᠳᠤᠭᠠᠷ ᠨᠡᠷ᠎ᠡ᠂ 2023 ᠣᠨ ᠤ ᠬᠥᠯᠥᠨ ᠪᠤᠶᠢᠷ ᠬᠤᠲᠠ ᠶᠢᠨ ︽ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠤᠷᠤᠯᠳᠤᠭᠠᠨ ᠤ ᠡᠮᠡᠭᠲᠡᠶ ᠶᠢᠨ ᠳᠤᠭᠤᠶᠢᠯᠠᠩ ᠤᠨ ᠬᠤᠶᠠᠳᠤᠭᠠᠷ ᠳᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠤᠶᠢᠺᠤ ᠪᠥᠮᠪᠦᠭᠡ ᠶᠢᠨ ᠡᠮᠡᠭᠲᠡᠶ ᠶᠢᠨ ᠬᠥᠬᠡᠭᠴᠢᠨ ᠳᠤᠭᠤᠢᠯᠠᠩ ᠤᠨ ᠤᠷᠤᠯᠳᠤᠭᠠᠨ ᠤ ᠭᠤᠷᠪᠠᠳᠤᠭᠠᠷ ᠳᠡᠰ ᠵᠡᠷᠭᠡ ᠢᠷᠠᠭᠤ ᠠᠯᠳᠠᠷ ᠣᠯᠪᠠ᠃ ᠡᠳᠡᠭᠡᠷ ᠬᠢᠷᠢ ᠪᠦᠲᠦᠮᠵᠢ ᠶᠢ ᠣᠯᠤᠭᠰᠠᠨ ᠨᠢ᠂ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠬᠦ ᠬᠤᠰᠢᠭᠤᠨ ᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠦᠢᠯᠡᠰ ᠲᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ