ᠽᠦᠩ ᠵᠧ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/5
    11 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠭᠦᠸᠧ ᠫᠢᠩ᠂ ᠸᠠᠩ ᠵᠢᠶᠠ ᠶᠢᠦ ᠣᠷᠣᠯᠴᠠᠪᠠ᠃
1.jpg
    ᠬᠤᠷᠠᠯ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠵᠢᠴᠢ 2024 ᠣᠨ᠂ 2025 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠤᠨ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠵᠤ ᠠᠵᠢᠯ ᠢ ᠰᠠᠢᠳᠤᠷ ᠬᠢᠬᠦ ᠬᠡᠷᠡᠭᠲᠡᠢ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠬᠡᠷᠡᠭ ᠢᠶᠠᠷ ᠴᠡᠭᠴᠡᠯᠡᠨ ᠵᠠᠰᠠᠬᠤ ᠶᠢ ᠠᠬᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠭᠦᠨᠵᠡᠭᠡᠶᠢᠷᠡᠭᠦᠯᠵᠦ᠂ ᠰᠢᠨ᠎ᠡ ᠨᠢᠭᠡ ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃
2.jpg
    ᠬᠤᠷᠠᠯ ᠠᠴᠠ ᠴᠢᠬᠤᠯᠠᠴᠢᠯᠠᠭᠰᠠᠨ ᠨᠢ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ᠂ ᠴᠠᠭ ᠲᠤᠬᠠᠶ ᠳᠤᠨᠢ ᠠᠵᠢᠯ ᠳᠠᠭᠤᠰᠬᠠᠬᠤ ᠶᠢ ᠪᠠᠲᠤᠯᠠᠬᠤ ᠬᠡᠷᠡᠭᠲᠡᠶ︔ ᠲᠥᠷᠥᠯ ᠵᠦᠢᠯ ᠤᠨ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠬᠥᠳᠡᠯᠮᠦᠷᠢ ᠬᠦᠴᠦᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠪᠠᠯᠠ ᠴᠤᠭᠯᠠᠭᠤᠯᠵᠤ ᠬᠥᠳᠡᠯᠮᠦᠷᠢ ᠬᠦᠴᠦ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠣᠶᠢᠷ᠎ᠠ ᠬᠠᠪᠢ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠣᠯᠠᠨ ᠲᠠᠯ᠎ᠠ ᠶᠢᠨ ᠦᠷ᠎ᠡ ᠪᠦᠲᠦᠮᠵᠢ ᠳᠤ ᠬᠦᠷᠦᠭᠦᠯᠦᠨ᠎ᠡ᠃ 2025 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠦᠨᠳᠦᠰᠦᠨ ᠱᠠᠲᠤᠨ ᠤ ᠰᠠᠨᠠᠯ ᠢ ᠥᠷᠭᠡᠨ ᠢᠶᠠᠷ ᠬᠤᠷᠢᠶᠠᠵᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠣᠶᠢᠯᠠᠭᠠᠵᠤ᠂ ᠲᠥᠷᠥᠯ ᠵᠦᠢᠯ ᠤᠨ ᠴᠡᠭ ᠰᠣᠩᠭᠤᠬᠤ ᠲᠥᠯᠥᠪᠯᠡᠭᠡ ᠶᠢ ᠤᠷᠢᠳᠴᠢᠯᠠᠨ ᠰᠠᠶᠢᠲᠤᠷ ᠬᠢᠵᠦ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠵᠤ᠂ ᠲᠥᠷᠥᠯ ᠵᠦᠢᠯ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠶ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ