11 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 96 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ | ᠡᠷᠭᠢᠯᠡᠨ ᠬᠤᠷᠠᠯᠳᠤᠭᠤᠯᠪᠠ᠃ ᠽᠦᠩ ᠵᠧ᠂ ᠸᠠᠩ ᠺᠦᠨ ᠫᠧᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠣᠷᠣᠯᠴᠠᠪᠠ᠃ ᠹᠧᠩ | ᠵᠦᠩ ᠯᠢᠶᠠᠩ ᠰᠤᠯᠠ ᠣᠷᠣᠯᠴᠠᠪᠠ᠃ | | | | | | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠵᠤ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠪᠣᠯᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠠᠵᠢᠯ ᠢ ᠴᠢᠩᠭᠠᠳᠬᠠᠵᠤ᠂ ᠲᠤᠰᠬᠠᠶ ᠠᠵᠢᠯᠲᠠᠨ ᠡᠯᠰᠡᠬᠦ | ᠬᠤᠷᠠᠯ ᠥᠷᠨᠢᠭᠦᠯᠵᠦ᠂ ᠡᠳᠦᠷ ᠤᠨ ᠬᠦᠴᠦᠨ ᠤ ᠬᠥᠮᠦᠨ ᠤ ᠵᠠᠬ᠎ᠠ ᠳᠡᠯᠭᠡᠭᠦᠷ ᠢ ᠠᠰᠢᠭᠯᠠᠵᠤ᠂ ᠠᠵᠤ ᠠᠬᠤᠶᠢᠯᠠᠯ ᠤᠨ ᠳᠠᠳᠤᠯᠭ᠎ᠠ ᠬᠢᠵᠦ ᠲᠠᠭᠠᠨ ᠰᠤᠷᠬᠤ ᠲᠣᠬᠢᠶᠠᠯ | ᠬᠠᠩᠭᠠᠬᠤ ᠶᠢ ᠵᠣᠷᠢᠭᠵᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠵᠦ᠂ ᠠᠵᠢᠯ ᠲᠠᠢ ᠬᠥᠮᠦᠨ ᠥᠬᠡᠶ ᠬᠡᠷ ᠪᠦᠯᠢ ᠶᠢᠨ | ᠬᠥᠳᠡᠯᠦᠩᠭᠦᠶ ᠪᠠᠷ ᠠᠵᠢᠯ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠣᠨᠣᠴᠠᠲᠠᠶ ᠨᠠᠶᠢᠳᠠᠪᠤᠷᠢᠵᠢᠭᠤᠯᠵᠤ᠂ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠦᠢᠯᠡᠰ ᠴᠣᠭᠴᠠᠯᠠᠬᠤ ᠵᠢᠭᠡᠯᠡᠯᠭᠡ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠥᠭᠬᠦ | ᠵᠡᠷᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠪᠠᠯᠠ ᠮᠥᠩᠭᠦ ᠶᠢ | ᠣᠨᠣᠪᠴᠢᠲᠠᠶ ᠣᠯᠭᠤᠬᠤ ᠶᠢ ᠪᠠᠲᠤᠯᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠣᠯᠠᠨ ᠵᠦᠢᠯ ᠤᠨ ᠠᠷᠭ᠎ᠠ ᠵᠠᠮ ᠢᠶᠠᠷ ᠠᠵᠤ ᠠᠬᠤᠶᠢᠯᠠᠯ ᠪᠠ ᠠᠵᠢᠯ | ᠡᠷᠢᠭᠰᠡᠳ ᠲᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠬᠡᠷᠡᠭᠲᠡᠶ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ᠠᠳᠠᠯᠢ ᠪᠤᠰᠤ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ᠂ ᠠᠷᠤᠨ ᠬᠤᠰᠢᠭᠤᠨ ᠤ ᠠᠵᠤ ᠦᠢᠯᠡᠰ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠤᠳᠤᠯᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠣᠯᠪᠠᠰᠤᠷᠠᠯ ᠤᠨ ᠲᠥᠯᠥᠪᠯᠡᠭᠡ ᠲᠣᠭᠲᠠᠭᠠᠨ᠂ ᠮᠠᠯᠴᠢᠨ | ᠲᠠᠷᠢᠶᠠᠴᠢᠨ ᠤ ᠣᠯᠠᠨ ᠶᠠᠩᠵᠤ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ ᠥᠷᠨᠢᠭᠦᠯᠵᠦ᠂ ᠪᠥᠬᠦ ᠬᠤᠰᠢᠭᠤᠨ ᠤ ᠠᠵᠢᠯ | ᠣᠯᠭᠤᠯᠲᠠ ᠶᠢᠨ ᠬᠥᠭᠵᠢᠯᠲᠡ ᠳᠤ ᠪᠠᠲᠤ ᠪᠠᠬᠢ ᠬᠥᠮᠦᠨ ᠤ ᠬᠦᠴᠦᠨ ᠤ ᠰᠠᠭᠤᠷᠢ ᠶᠢ ᠲᠠᠯᠪᠢᠵᠤ ᠥᠭᠬᠦ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |