ᠠᠷᠤᠨ ᠬᠤᠰᠢᠭᠤᠨ ᠤ 2023 ᠣᠨ ᠤ ᠠᠵᠤ ᠠᠬᠤᠢ ᠶᠢᠨ ᠪᠠᠶᠢᠳᠠᠯ 12
ᠨᠡᠶᠢᠲᠡᠯᠡᠭᠰᠡᠨ ᠴᠠᠭ᠄
2024/11/6
      ᠥᠩᠭᠡᠷᠡᠭᠰᠡᠨ ᠨᠢᠭᠡ ᠵᠢᠯ ᠳᠤ᠂ ᠪᠢᠳᠡᠨ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠲᠠᠰᠤᠷᠠᠯᠲᠠ ᠦᠭᠡᠢ ᠭᠠᠷᠴᠤ᠂ ᠲᠡᠮᠡᠴᠡᠯ ᠪᠡᠷᠬᠡ ᠬᠠᠲᠠᠭᠤᠵᠢᠯᠲᠠᠢ ᠪᠠᠶᠢᠵᠤ᠂ ᠲᠠᠪᠠᠯᠲᠠᠳᠦ ᠬᠥᠭᠵᠢᠯᠲᠡ ᠶᠢ ᠬᠥᠭᠡᠭᠡᠵᠦ ᠭᠦᠢᠴᠡᠨ ᠳᠠᠪᠠᠭ᠋ᠤ ᠵᠠᠩᠭᠢᠯᠠᠭ᠎ᠠ ᠶᠢᠨ ᠦᠶ᠎ᠡ ᠳᠤ᠂ ᠤᠰᠤᠨ ᠳᠤᠰᠤᠯ ᠴᠢᠯᠠᠭᠤ ᠶᠢ ᠴᠤᠭᠤᠯᠬᠤ᠂ ᠳᠡᠭᠡᠰᠦ ᠶᠢ ᠬᠢᠷᠥᠭᠡᠳᠡᠵᠦ ᠮᠣᠳᠣ ᠶᠢ ᠣᠭᠲᠣᠯᠬᠤ ᠬᠠᠳᠠᠨ ᠵᠣᠷᠢᠭ ᠢᠶᠠᠷ᠂ ᠭᠤᠴᠢ ᠭᠠᠷᠤᠢ ᠵᠢᠯ ᠦᠷᠭᠦᠯᠵᠢᠯᠡᠵᠦ᠂ 32 ᠲᠦᠮᠡᠨ ᠠᠷᠤᠨ ᠦᠨᠳᠦᠰᠦᠲᠡᠨ ᠤ ᠠᠷᠠᠳ ᠲᠦᠮᠡᠨ ᠤ ᠬᠠᠯᠠᠭᠤᠨ ᠢᠶᠠᠷ ᠬᠦᠰᠡᠨ ᠬᠦᠯᠢᠶᠡᠵᠦ ᠪᠠᠶᠢᠭᠰᠠᠨ ᠰᠢᠶᠤᠤ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢ 2024 ᠣᠨ ᠤ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠭᠤᠣᠯᠳᠠᠯᠭ᠎ᠠ ᠲᠠᠢ ᠳᠡᠮᠵᠢᠬᠦ ᠤᠰᠤᠨ ᠠᠰᠢᠭᠯᠠᠯᠲᠠ ᠶᠢᠨ ᠲᠦᠷᠦᠯ ᠵᠦᠢᠯ ᠤᠨ ᠬᠡᠪᠴᠢᠶᠡᠨ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠥᠷ ᠤᠨ ᠲᠤᠶᠠᠭ᠎ᠠ ᠶᠢ ᠤᠭᠲᠤᠨ ᠠᠪᠴᠢᠷᠠᠵᠤ᠂ ᠥᠩᠭᠡᠷᠡᠭᠰᠡᠨ ᠳᠤ ᠬᠢᠬᠦ ᠭᠡᠰᠡᠨ ᠪᠣᠯᠪᠠᠴᠤ ᠬᠢᠵᠦ ᠳᠡᠶᠢᠯᠦᠭᠡᠳᠦᠢ ᠪᠠᠶᠢᠭᠰᠠᠨ ᠨᠢᠭᠡ ᠪᠦᠯᠦᠭ ᠶᠡᠭᠡ ᠶᠠᠪᠤᠳᠠᠯ ᠢ ᠦᠨᠡᠨ ᠬᠦ ᠪᠦᠲᠦᠭᠡᠵᠦ᠂ ᠤᠷᠲᠤ ᠬᠤᠭᠤᠴᠠᠭ᠎ᠠ ᠪᠠᠷ ᠰᠢᠢᠳᠪᠦᠷᠢᠯᠡᠬᠦ ᠭᠡᠰᠡᠨ ᠪᠣᠯᠪᠠᠴᠤ ᠰᠢᠢᠳᠪᠦᠷᠢᠯᠡᠭᠡᠳᠦᠢ ᠪᠠᠶᠢᠭᠰᠠᠨ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠪᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ