ᠠᠷᠤᠨ ᠬᠤᠰᠢᠭᠤᠨ ᠤ 2023 ᠣᠨ ᠤ ᠠᠵᠤ ᠠᠬᠤᠢ ᠶᠢᠨ ᠪᠠᠶᠢᠳᠠᠯ 13
ᠨᠡᠶᠢᠲᠡᠯᠡᠭᠰᠡᠨ ᠴᠠᠭ᠄
2024/11/6
      ᠥᠩᠭᠡᠷᠡᠭᠰᠡᠨ ᠨᠢᠭᠡ ᠵᠢᠯ ᠳᠤ᠂ ᠪᠢᠳᠡ ᠪᠣᠳᠠᠲᠠᠶ ᠠᠵᠢᠯᠯᠠᠨ ᠯᠠᠪᠳᠠᠭᠤᠨ ᠪᠠᠲᠤᠲᠠᠶ ᠤᠷᠤᠭᠰᠢᠯᠠᠵᠤ᠂ ᠬᠦᠴᠦ ᠬᠥᠯᠥᠰᠥ ᠪᠠᠷ ᠢᠶᠠᠨ ᠤᠰᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠷᠠᠭᠤ ᠠᠯᠳᠠᠷ ᠣᠯᠵᠤ᠂ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠤᠷᠢᠳ ᠬᠤᠵᠢᠳ ᠪᠥᠬᠦ ᠤᠯᠤᠰ ᠤᠨ ᠲᠠᠷᠢᠮᠠᠯ ᠤᠨ ᠵᠦᠢᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ︽ᠲᠤᠰᠬᠠᠶᠢᠵᠢᠭᠰᠠᠨ ᠨᠢᠭᠡᠳᠦᠯᠲᠡᠶ ᠰᠡᠷᠭᠡᠶᠢᠯᠡᠨ ᠵᠠᠰᠠᠭᠰᠠᠨ ᠵᠠᠭᠤᠨ ᠬᠦᠴᠦᠷᠬᠡᠭ ᠰᠢᠶᠠᠨ︾᠂ ᠠᠮᠤᠷ ᠠᠮᠤᠭᠤᠯᠠᠩ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 30 ᠰᠢᠬᠠᠮ ᠬᠠᠮᠲᠤ ᠶᠢᠨ ᠢᠷᠠᠭᠤ ᠠᠯᠳᠠᠷ ᠢ ᠭᠥᠷᠳᠡᠵᠦ᠂ ᠤᠷᠢᠳ ᠬᠤᠵᠢᠳ ︽ᠪᠥᠬᠦ ᠤᠯᠤᠰ ᠤᠨ ᠣᠷᠣᠰᠢᠭᠤᠯᠭ᠎ᠠ ᠶᠢᠨ ᠠᠵᠢᠯ ᠤᠨ ᠲᠡᠷᠢᠭᠦᠨ ᠤ ᠬᠤᠪᠢ ᠬᠥᠮᠦᠨ︾᠂ ︽ᠤᠯᠤᠰ ᠤᠨ ᠲᠠᠰ ᠤᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠳᠤ ᠬᠤᠪᠢ ᠨᠡᠮᠡᠷᠢ ᠦᠵᠡᠭᠦᠯᠦᠭᠴᠢ︾ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 30 ᠭᠠᠷᠤᠶ ᠰᠢᠯᠢᠳᠡᠭ ᠵᠢᠱᠢᠶᠡᠴᠢ ᠴᠣᠯᠭᠤᠷᠠᠨ ᠭᠠᠷᠪᠠ᠃ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠬᠢᠯᠠᠰ ᠴᠡᠭ ᠨᠢ ᠠᠷᠠᠳ ᠤᠨ ᠡᠳᠦᠷ ᠤᠨ ᠰᠣᠨᠢᠨ᠂ ᠲᠥᠪ ᠲᠧᠯᠸᠢᠰ ᠤᠨ ᠰᠣᠨᠢᠨ ᠮᠡᠳᠡᠭᠡ ᠵᠡᠷᠭᠡ ᠤᠯᠤᠰ ᠤᠨ ᠲᠠᠰ ᠤᠨ ᠭᠤᠤᠯ ᠵᠠᠭᠤᠴᠢᠯᠠᠭᠤᠷ ᠲᠤ 270 ᠭᠠᠷᠤᠶ ᠤᠳᠠᠭ᠎ᠠ ᠮᠡᠳᠡᠭᠡᠯᠡᠵᠦ᠂ ᠠᠷᠤᠨ ᠤ ᠲᠠᠭᠤᠨ᠂ ᠠᠷᠤᠨ ᠤ ᠵᠢᠷᠤᠭ ᠤᠨ ᠳᠠᠮᠵᠢᠭᠤᠯᠭ᠎ᠠ ᠶᠢᠨ ᠬᠦᠴᠦᠨ ᠲᠠᠰᠤᠷᠠᠯᠲᠠ ᠥᠬᠡᠶ ᠳᠡᠭᠡᠭᠰᠢᠯᠡᠵᠦ᠂ ᠨᠥᠯᠥᠭᠡᠯᠡᠬᠦ ᠬᠦᠴᠦᠨ ᠨᠢ ᠦᠷᠭᠦᠯᠵᠢᠯᠡᠨ ᠥᠷᠭᠡᠵᠢᠪᠡ︕ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ