ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 1
ᠨᠡᠶᠢᠲᠡᠯᠡᠭᠰᠡᠨ ᠴᠠᠭ᠄
2024/11/6
      2024 ᠣᠨ ᠤ ᠠᠵᠢᠯ ᠤᠨ ᠲᠣᠬᠢᠷᠠᠭᠤᠯᠤᠯᠲᠠ      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠣᠷᠣᠨ ᠢ ᠬᠢᠨᠠᠮᠠᠭᠠᠶ ᠲᠤᠤᠱᠯᠠᠭᠤᠯᠤᠨ᠎ᠠ᠂ ᠬᠤᠳᠠ᠂ ᠬᠤᠰᠢᠭᠤᠨ ᠤ ᠭᠤᠷᠪᠠᠨ ᠱᠠᠲᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠨ᠎ᠠ᠂ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠰᠡᠭᠦᠯᠡᠷ ᠡᠪᠳᠡᠬᠦ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠎ᠠ᠂ ︽ᠲᠠᠪᠤᠨ ᠶᠡᠭᠡ ᠡᠭᠦᠷᠭᠡ︾ ᠶᠢ ᠥᠨᠳᠥᠷ ᠪᠦᠲᠦᠮᠵᠢᠲᠡᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ᠎ᠡ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠳᠠᠭᠠᠭᠠᠨ ᠠᠪᠴᠤ ᠨᠠᠶᠢᠳᠠᠪᠤᠷᠢᠵᠢᠭᠤᠯᠤᠨ᠎ᠠ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠂ ︽ᠲᠠᠪᠤᠨ ᠣᠷᠣᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠂ ᠳᠠᠪᠠᠭᠠᠨ ᠤ ᠵᠡᠭᠦᠨᠳᠡᠬᠢ ᠬᠤᠰᠢᠭᠤᠨ ᠤ ᠪᠠᠨ ᠬᠦᠴᠦᠷᠬᠡᠭᠵᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠷᠤᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃  
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ