ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 2
ᠨᠡᠶᠢᠲᠡᠯᠡᠭᠰᠡᠨ ᠴᠠᠭ᠄
2024/11/6
       ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 . 5 % ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10 % ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15 % ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5 . 5 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3 . 25 ᠳ᠋ᠦᠩᠰᠢᠭᠤᠷ ᠲᠥᠭᠦᠷᠢᠭ ᠢ ᠳᠠᠪᠠᠪᠠ︔ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯ ᠠᠯᠬᠤᠮ ᠲᠠᠢ ᠪᠠᠶᠢᠯᠭᠠᠨ᠎ᠠ︔ ᠪᠣᠬᠢᠷᠲᠤᠯ ᠥᠬᠡᠶ ᠬᠥᠭᠵᠢᠯᠲᠡ ᠶᠢᠨ ᠭᠦᠶ᠋ᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠯ᠎ᠡ ᠵᠦᠢᠯ ᠤᠨ ᠬᠠᠷᠠᠯᠲᠠ ᠶᠢ ᠨᠠᠩ ᠥᠨᠳᠥᠷ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠵᠤ᠂ ᠪᠣᠳᠠᠲᠠᠶ ᠠᠵᠢᠯ ᠤᠨ ᠳᠤᠮᠳᠠ ᠨᠠᠩ ᠰᠠᠶᠢᠨ ᠠᠮᠵᠢᠯᠲᠠ ᠪᠦᠲᠦᠮᠵᠢ ᠣᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄  
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ