ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 3
ᠨᠡᠶᠢᠲᠡᠯᠡᠭᠰᠡᠨ ᠴᠠᠭ᠄
2024/11/6
      ︵ᠨᠢᠭᠡ︶ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠡᠯᠬᠢᠶ᠎ᠡ ᠮᠠᠶ᠋ᠢᠭ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠡᠯᠬᠢᠶ᠎ᠡ ᠶᠢ ᠤᠷᠲᠤᠳᠬᠠᠬᠤ᠂ ᠬᠦᠴᠦᠷᠬᠡᠭ ᠢ ᠲᠡᠳᠬᠦᠨ ᠳᠡᠮᠵᠢᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠨᠢᠭᠡ ᠳᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠳᠬᠡᠨ᠎ᠡ᠃ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠳ᠋ᠦᠩ ᠭᠤᠸᠠᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠦᠵᠡᠮᠵᠢ ᠶᠢᠨ ᠣᠷᠣᠨ᠂ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠬᠤᠷᠴᠢ ᠢᠩᠲᠣᠣᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠤ ᠲᠥᠯᠥᠪᠵᠢᠭᠦᠯᠦᠨ ᠰᠠᠶᠢᠲᠤᠷ ᠠᠳᠬᠤᠨ᠎ᠠ᠃ ᠬᠤᠶᠠᠷ ᠤᠯᠤᠰ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠲᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠢᠯᠢ ᠳᠡᠭᠡᠳᠦ ᠲᠡᠰ ᠤᠨ ᠰᠢᠩᠭᠡᠨ ᠲᠦᠯᠦᠪᠳᠤ ᠰᠦ ᠶᠢᠨ ᠦᠢᠯᠡᠳᠪᠦᠷᠢᠯᠡᠯ ᠤᠨ ᠰᠠᠭᠤᠷᠢᠨ ᠢ ᠤᠯᠤᠰ ᠤᠨ 3 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠷᠮᠠᠶᠢᠨ ᠴᠣᠭᠴᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠯᠠ ᠪᠠᠶᠢᠭ᠎ᠠ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠬᠦᠴᠦᠨ ᠢᠶᠠᠷ ᠢᠶᠠᠨ ᠠᠮᠢᠯᠠᠭᠤᠯᠵᠤ᠂ ᠲᠦᠷᠪᠡᠨ ᠤᠯᠠᠷᠢᠯ ᠤᠨ ᠰᠣᠳᠣᠨ ᠤᠨᠴᠠᠯᠢᠬᠳᠤ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠤᠯᠠᠨ ᠵᠤᠭᠠᠴᠠᠭᠰᠠᠳ ᠢ ᠲᠠᠲᠠᠵᠤ ︽ᠺᠠᠷᠲ ᠤᠩᠰᠢᠭᠤᠯᠬᠤ︾ ᠬᠡᠷᠡᠭᠯᠡᠭᠡ ᠬᠢᠯᠭᠡᠨ᠎ᠡ᠃ ᠬᠤᠶᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠥᠩ ᠴᠢᠩ ᠰᠢᠩ ᠶᠧ᠂ ᠵᠥᠩ ᠴᠢᠩ ᠰᠠᠶᠢᠬᠠᠨ᠂ ᠵᠥᠩ ᠽᠤ᠋ ᠳ᠋ᠠ ᠲᠦᠩ ᠵᠡᠷᠭᠡ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠦᠬᠦ᠋ᠢᠯᠡ ᠰᠢᠶᠠᠨ ᠢᠶᠠᠷ ᠠᠬᠢᠭᠤᠯᠬᠤ ᠲᠥᠷᠥᠯ ᠵᠦᠢᠯ ᠢ ᠢᠳᠡᠪᠬᠢᠲᠡᠶ ᠴᠢᠷᠮᠠᠶᠢᠨ ᠣᠯᠵᠤ᠂ ᠪᠥᠬᠦ ᠰᠦᠷᠦᠭ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ ᠶᠢ 6 . 5 ᠲᠦᠮᠡᠨ ᠲᠣᠯᠣᠭᠠᠶ ᠳᠤ ᠬᠦᠷᠦᠭᠦᠯᠵᠦ᠂ ᠰᠦ ᠶᠢᠨ ᠭᠠᠷᠤᠯᠲᠠ ᠶᠢ 30 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠢᠯᠢ ᠶᠢᠨ 14 ᠦᠢᠯᠡᠳᠪᠦᠷᠢᠯᠡᠯ ᠤᠨ ᠱᠤᠭᠤᠮ ᠤᠨ ᠲᠣᠭᠲᠠᠭᠤᠨ ᠡᠷᠭᠢᠯᠲᠡ ᠶᠢ ᠪᠠᠲᠤᠯᠠᠵᠤ᠂ ᠾᠧ ᠵᠦᠩ ᠴᠤᠸᠠᠩ ᠶᠠ ᠣᠶᠤᠨᠴᠢ ᠣᠷᠴᠢᠨ ᠲᠣᠭᠤᠷᠢᠨ ᠢ ᠬᠠᠮᠠᠭᠠᠯᠠᠬᠤ ᠪᠣᠭᠤᠳᠠᠯ ᠤᠨ ᠲᠦᠷᠦᠯ ᠵᠦᠢᠯ ᠤᠨ ᠴᠢᠳᠠᠮᠵᠢ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠵᠥᠩ ᠷᠦᠩ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠤᠷᠢᠳᠴᠢᠯᠠᠨ ᠦᠶ᠋ᠯᠡᠳᠦᠭᠰᠡᠨ ᠨᠣᠭᠤᠭ᠎ᠠ᠂ ᠮᠢᠬᠠᠨ ᠤ ᠪᠦᠲᠦᠭᠡᠭᠳᠡᠬᠦᠨ ᠢ ᠡᠳ᠋ᠰᠢᠭᠦᠯᠬᠦ ᠡᠯᠧᠺᠳ᠋ᠷᠣᠨ ᠬᠤᠳᠠᠯᠳᠤᠭ᠎ᠠ ᠵᠢᠴᠢ ᠦᠦ ᠶᠠ ᠪᠦᠯᠦᠭᠯᠡᠯ ᠤᠨ ᠠᠷᠤᠨ ᠬᠤᠰᠢᠭᠤᠨ ᠤ ᠲᠦᠮᠡᠨ ᠰᠠᠭᠠᠯᠢ ᠶᠢᠨ ᠲᠤᠭᠤᠯ ᠢ ᠪᠤᠶᠢᠵᠢᠭᠤᠯᠬᠤ ᠰᠠᠭᠤᠷᠢᠨ ᠭᠠᠵᠠᠷ᠂ ᠦᠦ ᠴᠢᠶᠦ᠋ᠨ ᠠᠷᠤᠨ ᠬᠤᠰᠢᠭᠤᠨ ᠤ ᠬᠤᠴᠠ᠂ ᠾᠧᠩ ᠦᠦ ᠮᠠᠯ ᠠᠵᠤ ᠠᠬᠤᠶ ᠶᠢᠨ ᠠᠮᠢ ᠠᠬᠤᠶ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠲᠣᠯᠣᠭᠠᠶ 160 ᠲᠦᠮᠡ ᠶᠢ ᠳᠠᠪᠠᠵᠤ᠂ ᠮᠢᠬᠠᠨ ᠤ ᠭᠠᠷᠤᠯᠲᠠ 2 . 8 ᠲᠦᠮᠡᠨ ᠲᠣᠨ ᠢ ᠳᠠᠪᠠᠭ᠋ᠤ ᠶᠢ ᠪᠠᠲᠤᠯᠠᠨ᠎ᠠ᠃ ᠭᠤᠷᠪᠠ ᠳᠤ᠂ ᠤᠯᠠᠮᠵᠢᠯᠠᠯᠲᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠠᠮᠲᠤᠪᠠᠷ ᠳᠠᠪᠰᠢᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠤᠯᠠᠮᠵᠢᠯᠠᠯᠲᠤ ᠠᠵᠤ ᠦᠢᠯᠡᠰ ᠤᠨ ᠦᠷᠢᠰᠦᠯᠳᠦᠬᠦ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠬᠥᠭᠵᠢᠭᠦᠯᠦᠨ᠎ᠡ᠃ ᠬᠤᠸᠠ ᠨᠸᠡᠭ ᠤᠨ 100 ᠲᠦᠮᠡᠨ ᠺᠢᠯᠤᠸ᠋ᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠤᠷᠳᠤᠴᠠ ᠪᠠᠷ ᠲᠦᠯᠬᠢᠨ ᠠᠬᠢᠭᠤᠯᠵᠤ᠂ ᠬᠤᠶᠠᠷ 30 ᠲᠦᠮᠡᠨ ᠺᠢᠯᠤᠸ᠋ᠲ ᠤᠨ ᠠᠮᠢᠳᠤᠯᠢᠭ ᠥᠭᠡᠷᠡᠴᠢᠯᠡᠵᠦ ᠢᠵᠢ ᠪᠦᠷᠢᠳᠦᠭᠦᠯᠦᠨ ᠪᠠᠶᠢᠭᠤᠯᠬᠤ ᠶᠢ ᠦᠨᠡᠨᠬᠦ ᠪᠠᠲᠤᠯᠠᠵᠤ᠂ ᠭᠡᠷ ᠤᠨ ᠣᠷᠣᠢ ᠳᠡᠭᠡᠷᠡᠬᠢ ᠲᠠᠷᠬᠠᠯᠲᠠ ᠮᠠᠶ᠋ᠢᠭ ᠤᠨ ᠭᠡᠷᠡᠯ ᠸᠣᠯᠲ᠂ ᠰᠠᠯᠬᠢᠨ ᠳᠡᠭᠳᠡᠯᠲᠡ ᠪᠠᠷ 17 ᠰᠠᠶ᠎ᠠ ᠸᠠᠲ ᠤᠨ ᠲᠠᠷᠠᠬᠠᠢ ᠮᠠᠶ᠋ᠢᠭ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ ᠠᠬᠢᠭᠤᠯᠤᠨ᠎ᠠ᠃ 500 ᠺᠢᠯᠤᠸ᠋ᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠬᠦᠷᠭᠡᠬᠦ ᠳᠤ ᠲᠣᠭᠲᠠᠭᠤᠨ ᠴᠠᠬᠢᠯᠭᠠᠨ ᠲᠤᠤᠷ ᠤᠨ ᠲᠤᠯᠭᠠᠭᠤᠷᠢᠯᠠᠯ ᠬᠠᠩᠭᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢᠲᠦ ᠰᠢᠪᠲᠦᠷ ᠤᠨ ᠮᠤᠲ᠋ᠠᠨᠤᠯ ᠦᠢᠯᠡᠳᠬᠦ ᠵᠡᠷᠭᠡ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠰᠢᠨ᠎ᠡ ᠡᠨᠧᠷᠭᠢ ᠶᠢ ᠲᠤᠬᠠᠶ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ︽ᠴᠠᠬᠢᠯᠭᠠᠨ ᠡᠭᠦᠰᠭᠡᠭᠴᠢ ᠲᠤᠤᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠴᠢ ᠯᠦ ᠶᠢᠨ ᠠᠮᠢᠳᠤ ᠪᠣᠳᠠᠰ ᠤᠨ ᠡᠮ ᠦᠢᠯᠡᠳᠬᠦ᠂ ᠮᠠᠯ ᠤᠨ ᠡᠮ ᠤᠨ ᠲᠦᠭᠦᠬᠡᠢ ᠮᠠᠲ᠋ᠧᠷᠢᠶᠠᠯ ᠤᠨ ᠪᠦᠲᠦᠭᠡᠭᠳᠡᠬᠦᠨ ᠢ ᠳᠡᠰ ᠳᠡᠪᠰᠢᠭᠦᠯᠬᠦ ᠮᠡᠷᠭᠡᠵᠢᠯ ᠤᠨ ᠥᠭᠡᠷᠡᠴᠢᠯᠡᠯᠲᠡ᠂ ᠪᠣᠬᠢᠷ ᠤᠰᠤ ᠰᠢᠢᠳᠪᠦᠷᠢᠯᠡᠬᠦ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢ ᠸᠧᠢ ᠵᠢᠶᠦ᠋ᠨ ᠰᠦ ᠶᠢᠨ ᠦᠢᠯᠡᠳᠪᠦᠷᠢᠯᠡᠯ ᠤᠨ ᠱᠤᠭᠤᠮ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠦᠬᠦ ᠲᠠᠯ᠎ᠠ ᠪᠠᠷ ᠬᠦᠴᠦᠷᠬᠡᠭᠵᠢᠭᠦᠯᠦᠨ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠬᠤᠭᠤᠯᠠᠢ ᠤᠲᠠᠰᠤ ᠶᠢᠨ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠥᠷᠪᠡ ᠳᠤ ᠠᠮᠢ ᠠᠬᠤᠶ ᠶᠢᠨ ᠠᠵᠤ ᠦᠢᠯᠡᠰ ᠤᠨ ᠬᠡᠪᠴᠢᠶᠡᠨ ᠤ ᠨᠥᠯᠥᠭᠡ ᠶᠢ ᠥᠷᠭᠡᠳᠬᠡᠨ᠎ᠡ᠃ ᠤᠯᠤᠰ ᠤᠨ ᠲᠠᠰ ᠤᠨ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠥᠷᠲᠡᠭ ᠢ ᠪᠡᠶᠡᠯᠡᠭᠦᠯᠬᠦ ᠲᠤᠷᠰᠢᠯᠲᠠ ᠶᠢᠨ ᠴᠢᠭ ᠢ ᠡᠭᠦᠳᠦᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ  ᠦᠢᠯᠡᠳᠭᠦᠨ ᠢ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠠᠬᠢᠭᠤᠯᠤᠨ᠂ ᠤᠯᠤᠰ ᠤᠨ ᠬᠢᠨᠠᠨ ᠵᠥᠪᠰᠢᠶᠡᠷᠡᠬᠦ ᠦᠨᠡᠮᠯᠡᠯ ᠢᠶᠠᠷ ᠳᠠᠮᠵᠢᠭᠤᠯᠤᠨ ᠰᠠᠶᠢᠨ ᠳᠤᠷ᠎ᠠ ᠠᠴᠠ ᠪᠠᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ  ᠦᠢᠯᠡᠳᠭᠦᠨ ᠢ ᠤᠷᠢᠳᠴᠢᠯᠠᠨ ᠪᠣᠷᠣᠯᠠᠭᠤᠯᠬᠤ ᠶᠢ ᠥᠷᠨᠢᠭᠦᠯᠬᠦ ᠪᠠᠷ ᠴᠢᠷᠮᠠᠶᠢᠵᠤ᠂ ᠪᠥᠬᠦ ᠣᠷᠣᠨ ᠤ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠨᠢᠭᠡᠳᠦᠭᠡᠷ ᠡᠩᠨᠡᠭᠡᠨ ᠳᠤ ᠣᠷᠣᠬᠤ ᠪᠠᠷ ᠴᠢᠷᠮᠠᠶᠢᠨ᠎ᠠ᠃ ᠤᠢ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠤᠢ ᠶᠢᠨ ᠡᠮ᠂ ᠤᠢ ᠶᠢᠨ ᠮᠥᠭᠦ᠂ ᠤᠢ ᠶᠢᠨ ᠬᠤᠷᠮᠣᠶ ᠶᠢᠨ ᠣᠨᠴᠣᠭᠤᠶ ᠲᠡᠵᠢᠭᠡᠨ ᠦᠷᠡᠵᠢᠭᠦᠯᠬᠦ ᠵᠡᠷᠭᠡ ᠤᠢ ᠶᠢᠨ ᠬᠤᠷᠮᠣᠶ ᠶᠢᠨ ᠣᠯᠠᠨ ᠵᠦᠢᠯ ᠤᠨ ᠬᠠᠮ ᠡᠵᠡᠩᠨᠡᠯᠲᠡ ᠶᠢᠨ ᠵᠠᠭᠪᠤᠷ ᠢ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠵᠦ᠂ ᠤᠢ ᠶᠢᠨ ᠬᠤᠷᠮᠣᠶ ᠶᠢᠨ ᠠᠵᠤ ᠠᠬᠤᠢ ᠶᠢᠨ ᠲᠠᠷᠢᠮᠠᠯ ᠤᠨ ᠦᠶ᠋ᠯᠡᠳᠬᠦᠨ ᠤ ᠥᠷᠲᠡᠭ ᠢ 3 . 5 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 10 % ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ