︵ᠬᠤᠶᠠᠷ︶ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠥᠷᠭᠡᠳᠬᠡᠬᠦ ᠲᠠᠯ᠎ᠠ ᠪᠠᠷ ᠨᠠᠩ ᠶᠡᠭᠡ ᠳᠠᠪᠠᠯᠲᠠ ᠶᠢ ᠪᠡᠶᠡᠯᠡᠭᠦᠯᠦᠨ᠎ᠡ᠃ ︽ᠲᠠᠪᠤᠨ ᠡᠷᠬᠡᠪᠰᠢ︾ ᠶᠢᠨ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠵᠡᠷᠭᠡ | ᠳᠡᠪᠰᠢᠬᠦ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ︽ᠲᠣᠭᠲᠠᠭᠤᠨ ᠪᠠᠶᠢᠯᠭᠠᠬᠤ︾ ᠰᠠᠭᠤᠷᠢ ᠶᠢ ᠪᠠᠲᠤ ᠴᠣᠭᠴᠠᠯᠠᠵᠤ᠂ ︽ | ᠤᠷᠤᠭᠰᠢᠯᠠᠬᠤ︾ ᠬᠠᠨᠳᠤᠰᠢ ᠶᠢ ᠴᠢᠩᠭᠠᠳᠬᠠᠬᠤ ᠬᠡᠷᠡᠭᠲᠡᠢ᠃ ᠨᠢᠭᠡ ᠳᠤ᠂ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ᠂ ᠬᠠᠷᠠᠯᠲᠠ ᠲᠠᠢ ᠪᠠᠷ ᠪᠣᠭᠤᠮᠲᠠ | ᠰᠢᠪᠲᠤᠯᠵᠤ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ | ᠲᠥᠷᠥ ᠶᠢᠨ ᠪᠣᠳᠣᠯᠭ᠎ᠠ ᠪᠤᠯᠢᠶᠠᠯᠳᠤᠬᠤ᠂ ᠲᠥᠷᠥᠯ ᠵᠦᠢᠯ ᠪᠤᠯᠢᠶᠠᠯᠳᠤᠬᠤ᠂ ᠪᠠᠯᠠ ᠮᠥᠩᠭᠦ ᠪᠤᠯᠢᠶᠠᠯᠳᠤᠬᠤ᠂ ᠲᠤᠷᠰᠢᠯᠲᠠ ᠶᠢᠨ ᠴᠢᠬ ᠤᠨ ︽ᠬᠦᠴᠢᠷᠳᠡᠯ ᠢ | ᠰᠢᠢᠳᠪᠦᠷᠢᠯᠡᠬᠦ ᠶᠢ ᠠᠬᠢᠭᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠠᠵᠤ ᠦᠢᠯᠡᠰ ᠤᠨ ᠴᠢᠭᠯᠡᠯ᠂ ᠪᠠᠯᠠ | ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠨᠢᠭᠡ ᠪᠦᠯᠦᠭ ᠠᠵᠤ ᠦᠢᠯᠡᠰ ᠤᠨ ᠵᠣᠬᠢᠴᠠᠬᠤ ᠬᠡᠮᠵᠢᠶ᠎ᠡ ᠪᠠᠷ ᠥᠨᠳᠥᠷ᠂ ᠨᠥᠯᠥᠭᠡᠯᠡᠨ ᠳᠠᠶᠢᠴᠢᠯᠠᠬᠤ | ᠬᠦᠴᠦᠨ ᠢᠶᠠᠷ ᠴᠢᠩᠭ᠎ᠠ ᠴᠢᠨᠠᠷ ᠰᠠᠶᠢᠲᠠᠶ ᠲᠥᠷᠥᠯ ᠵᠦᠢᠯ ᠢ ᠨᠠᠷᠢᠨ ᠨᠢᠮᠪᠠᠶ ᠲᠥᠯᠥᠪᠵᠢᠭᠦᠯᠵᠦ᠂ ᠰᠢᠶᠤᠤ ᠴᠢ ᠽᠢ ᠤᠰᠤᠨ ᠠᠰᠢᠭᠯᠠᠯᠲᠠ ᠶᠢᠨ ᠬᠦᠶ᠋ᠰᠦ ᠪᠠᠷᠢᠯᠭ᠎ᠠ ᠶᠢ | ᠤᠯᠤᠰ ᠤᠨ ᠵᠡᠭᠦᠨ ᠬᠤᠶᠢᠲᠤ ᠶᠢᠨ ᠤᠰᠤᠨ ᠲᠤᠤᠷ ᠤᠨ ᠲᠥᠯᠥᠪᠵᠢᠭᠦᠯᠭᠡ ᠳᠤ ᠣᠷᠣᠭᠤᠯᠬᠤ ᠶᠢ ᠵᠠᠯᠭᠠᠨ ᠠᠬᠢᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠲᠥᠷᠥᠯ ᠵᠦᠢᠯ᠂ ᠠᠵᠤ ᠦᠢᠯᠡᠰ ᠤᠨ ᠭᠠᠶᠢᠯᠢ ᠲᠠᠲᠠᠪᠤᠷᠢ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠭᠠᠨ ᠦᠨᠡᠨᠬᠦ | ᠬᠤᠪᠢᠷᠠᠭᠤᠯᠤᠨ᠎ᠠ᠃ ᠬᠤᠶᠠᠷ ᠲᠤ᠂ ᠭᠦᠨᠵᠡᠭᠡᠢ ᠬᠠᠮᠲᠤᠷᠠᠯᠴᠠᠵᠤ᠂ ᠤᠨᠢᠨ ᠳᠡᠭᠡᠷ᠎ᠡ ᠨᠢ ᠡᠬᠢ ᠪᠠᠶᠠᠯᠢᠭ ᠢ ᠣᠷᠣᠭᠤᠯᠤᠨ ᠠᠪᠴᠢᠷᠠᠨ᠎ᠠ᠃ ᠰᠢᠨ᠎ᠡ ᠪᠠᠷ ᠪᠣᠶ ᠪᠣᠯᠤᠭᠰᠠᠨ | ᠡᠨᠧᠷᠭᠢ᠂ ᠡᠷᠳᠡᠨᠢ ᠰᠢᠰᠢ ᠶᠢ ᠤᠯᠠᠷᠢᠭᠤᠯᠬᠤ᠂ ᠳᠡᠭᠡᠳᠦ ᠲᠠᠰ ᠤᠨ ᠰᠦ ᠶᠢᠨ ᠦᠢᠯᠡᠰ᠂ ᠰᠢᠨ᠎ᠡ ᠬᠡᠯᠪᠡᠷᠢ ᠶᠢᠨ ᠮᠢᠬᠠᠨ ᠤ ᠦᠢᠯᠡᠰ ᠵᠡᠷᠭᠡ ᠳᠠᠪᠠᠭᠤᠯᠢᠭ ᠭᠤᠤᠯᠯᠠᠬᠤ | ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠬᠤ ᠬᠤᠪᠢᠶᠠᠷᠢ ᠠᠩᠭᠢ ᠶᠢᠨ ︽ᠭᠤᠤᠯ ᠬᠦᠴᠦᠨ︾ ᠤ ᠦᠶ᠋ᠯᠡᠳᠦᠯ ᠢ ᠪᠠᠳᠠᠷᠠᠭᠤᠯᠵᠤ᠂ | ᠨᠠᠩ ᠣᠯᠠᠨ ᠴᠢᠨᠠᠷ ᠰᠠᠶᠢᠲᠠᠶ ᠠᠵᠤ ᠦᠢᠯᠡᠰ ᠤᠨ ᠲᠥᠷᠥᠯ ᠵᠦᠢᠯ ᠢ ᠲᠡᠳᠡᠨ ᠣᠷᠣᠭᠤᠯᠵᠤ ᠰᠠᠭᠤᠷᠢᠰᠢᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠤᠨ | ᠬᠡᠯᠡᠯᠴᠡᠭᠡᠷ ᠠᠴᠠ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ ᠠᠴᠠ ᠠᠰᠢᠭᠯᠠᠯᠲᠠ ᠳᠤ ᠣᠷᠣᠭᠤᠯᠬᠤ᠂ ᠠᠰᠢᠭᠯᠠᠯᠲᠠ ᠳᠤ ᠣᠷᠣᠭᠤᠯᠬᠤ ᠲᠡᠶᠢᠰᠢ ᠤᠯᠠᠷᠢᠭᠤᠯᠬᠤ ᠶᠢ | ᠲᠦᠷᠭᠡᠳᠬᠡᠵᠦ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢ 32 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠭᠤᠷᠪᠠ ᠳᠤ ᠭᠦᠨ ᠬᠠᠭᠠᠯᠪᠤᠷᠢᠯᠠᠵᠤ ᠦᠶ᠋ᠯᠡᠴᠢᠯᠡᠨ᠂ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠲᠥᠷᠥᠯ ᠵᠦᠢᠯ᠃ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠢ ᠠᠩᠭᠢ ᠠᠬᠢᠭᠤᠯᠬᠤ ᠵᠡᠷᠭᠡ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠬᠥᠳᠡᠯᠦᠩᠭᠦᠢ ᠪᠠᠷ ᠨᠥᠭᠡᠴᠡᠯᠡᠵᠦ᠂ ᠬᠤᠲᠠ ᠬᠤᠰᠢᠭᠤᠨ ᠤ ᠬᠤᠶᠠᠷ ᠱᠠᠲᠤᠨ ᠤ ᠭᠤᠣᠯᠳᠠᠯᠭ᠎ᠠ ᠲᠠᠢ ᠲᠥᠷᠦᠯ ᠵᠦᠢᠯ᠂ ᠡᠬᠡ ᠳᠠᠩᠰᠠᠴᠢᠯᠠᠭᠰᠠᠨ ᠬᠠᠮᠢᠶᠠᠷᠤᠯᠲᠠ ᠶᠢ | ᠦᠷᠭᠦᠯᠵᠢᠯᠡᠨ ᠬᠡᠷᠡᠭᠵᠢᠭᠦᠯᠵᠦ᠂ ᠨᠠᠷᠢᠯᠢᠭᠵᠢᠭᠤᠯᠤᠨ ᠲᠣᠬᠢᠷᠠᠭᠤᠯᠵᠤ᠂ ᠨᠠᠷᠢᠨ ᠳᠠᠩᠰᠠ ᠶᠢᠨ ᠬᠡᠯᠪᠡᠷᠢ ᠪᠠᠷ 165 . 25 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠭᠰᠡᠨ ᠬᠤᠲᠠ ᠶᠢᠨ ᠲᠡᠰ ᠤᠨ 26 ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠠᠬᠢᠭᠤᠯᠵᠤ᠂ ᠡᠪᠦᠯ ᠤᠨ | ᠤᠯᠠᠷᠢᠯ ᠤᠨ ᠬᠢᠨᠠᠨ ᠵᠥᠪᠰᠢᠶᠡᠷᠡᠬᠦ ᠶᠡᠭᠡ ᠲᠡᠢᠨ ᠢ ᠦᠨᠡᠨᠬᠦ ᠰᠠᠢᠲᠤᠷ ᠠᠳᠬᠤᠵᠤ᠂ ᠲᠥᠷᠦᠯ ᠵᠦᠢᠯ ᠤᠨ ︽ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ︾ ᠶᠢ | ᠠᠬᠢᠭᠤᠯᠵᠤ᠂ ᠪᠦᠬᠦ ᠵᠢᠯ ᠳᠤ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠦᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 42 . 85 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠢᠨ᠎ᠠ᠃ ᠰᠢᠶᠤᠤ ᠴᠢ ᠽᠢ ᠶᠢᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ | ᠠᠵᠢᠯ ᠭᠡᠬᠦ ᠡᠨᠡ ᠬᠦ ᠲᠡᠷᠢᠭᠦᠨ ᠵᠡᠷᠭᠡ ᠶᠢᠨ ᠶᠡᠭᠡ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ | ᠡᠬᠢᠯᠡᠭᠦᠯᠬᠦ ᠪᠠᠷ ᠴᠢᠷᠮᠠᠶᠢᠨ᠎ᠠ᠃ ᠲᠦᠷᠪᠡ ᠳᠤ᠂ ᠭᠦᠨ ᠳᠠᠪᠬᠤᠷᠭ᠎ᠠ ᠠᠴᠠ ᠠᠭᠤᠳᠠᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ ᠬᠥᠳᠡᠯᠭᠡᠬᠦ ᠡᠨᠧᠷᠭᠢ ᠨᠡᠮᠡᠷᠢᠯᠡᠨ᠎ᠡ | ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠪᠠᠷ ᠳᠠᠩᠰᠠᠯᠠᠬᠤ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠶᠢᠨ ︽ᠰᠢᠨ᠎ᠡ ᠰᠠᠭᠤᠷᠢ︾ ᠶᠢ ᠦᠨᠡᠨ ᠬᠦ ᠲᠣᠳᠣᠷᠬᠠᠶ ᠣᠶᠢᠯᠠᠭᠠᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠢ | ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 5 ᠡᠷᠦᠬᠡ ᠠᠴᠠ ᠳᠡᠭᠡᠭᠰᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ ᠨᠢᠭᠡᠳᠦᠯᠲᠡᠶ ᠳᠤ | ᠣᠷᠣᠭᠤᠯᠤᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠪᠠ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡ ᠶᠢ | ᠠᠬᠢᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠭᠠᠷᠠᠭ ᠤᠨ ᠰᠡᠭᠦᠯᠴᠢ ᠶᠢᠨ ᠠᠵᠤ ᠠᠬᠤᠢ᠂ ᠰᠥᠨᠢ ᠶᠢᠨ ᠠᠵᠤ ᠠᠬᠤᠢ ᠵᠡᠷᠭᠡ ᠬᠡᠷᠡᠭᠯᠡᠭᠡᠨ ᠤ ᠪᠠᠶᠢᠳᠠᠯ ᠢ ᠤᠯᠠᠮ ᠨᠢᠭᠡ ᠠᠯᠬᠤᠮ | ᠬᠥᠭᠵᠢᠭᠡᠨ ᠪᠤᠵᠠᠭᠠᠶᠢᠷᠠᠭᠤᠯᠵᠤ᠂ ᠣᠷᠣᠨ ᠨᠤᠲᠤᠭ ᠤᠨ ᠬᠡᠷᠡᠭᠯᠡᠭᠡ ᠶᠢ ᠦᠷᠭᠦᠯᠵᠢᠯᠡᠨ ᠥᠷᠭᠡᠳᠬᠡᠵᠦ᠂ ᠣᠷᠣᠨ ᠪᠦᠰᠡ ᠶᠢᠨ ᠭᠠᠳᠠᠨᠠᠬᠢ ᠬᠡᠷᠡᠭᠯᠡᠭᠡ ᠶᠢ ᠭᠦᠢᠴᠡᠳ | ᠲᠠᠲᠠᠨ᠎ᠠ᠃ ᠭᠠᠳᠠᠭᠠᠳᠤ ᠠᠷᠠᠯᠵᠢᠶᠠᠨ ᠤ ᠨᠡᠮᠡᠭᠳᠡᠯ ᠢ ᠦᠭᠡᠶᠢᠰᠬᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠵᠢᠴᠢ ᠨᠡᠮᠡᠭᠳᠡᠯ ᠤᠨ ᠬᠤᠷᠳᠤᠴᠠ ᠶᠢᠨ ︽ᠬᠤᠤᠰ ᠨᠡᠮᠡᠭᠳᠡᠯ︾ ᠢ ᠪᠡᠶᠡᠯᠡᠭᠦᠯᠬᠦ ᠶᠢ ᠪᠠᠲᠤᠯᠠᠨ᠎ᠠ᠃ | |