ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 5
ᠨᠡᠶᠢᠲᠡᠯᠡᠭᠰᠡᠨ ᠴᠠᠭ᠄
2024/11/6
      ︵ᠭᠤᠷᠪᠠ︶ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ ᠨᠠᠩ ᠶᠡᠭᠡ ᠣᠷᠣᠨ ᠵᠠᠢ ᠶᠢ ᠥᠷᠭᠡᠳᠬᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠳᠠᠪᠠᠭᠤᠯᠢᠭ ᠢ ᠨᠡᠮᠡᠭᠳᠡᠭᠦᠯᠬᠦ ︽ᠠᠯᠲᠠᠨ ᠲᠦᠯᠬᠢᠭᠦᠷ︾ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠦᠨᠴᠡ ᠥᠷᠭᠡᠴᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠨᠢᠭᠡ ᠳᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠨ᠎ᠡ᠃ ᠣᠳᠣᠬᠢᠴᠢᠯᠠᠭᠰᠠᠨ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠭᠤᠣᠯ ᠠᠵᠢᠯ ᠢᠶᠠᠨ ᠬᠦᠴᠦᠷᠬᠡᠭᠵᠢᠭᠦᠯᠬᠦ᠂ ᠡᠳ᠋ ᠬᠥᠷᠥᠩᠭᠡ ᠪᠠᠨ ᠪᠤᠵᠠᠭᠠᠶᠢᠷᠠᠭᠤᠯᠬᠤ᠂ ᠡᠵᠡᠩᠨᠡᠯᠲᠡ ᠪᠠᠨ ᠰᠢᠯᠢᠳᠡᠭᠵᠢᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠶᠢ ᠵᠢᠷᠤᠮᠵᠢᠭᠤᠯᠬᠤ᠂ ᠭᠠᠵᠠᠷ ᠰᠢᠷᠣᠶ ᠶᠢ ᠥᠨᠳᠥᠷ ᠪᠦᠲᠦᠮᠵᠢᠲᠡᠶ ᠪᠠᠷ ᠠᠰᠢᠭᠯᠠᠬᠤ ᠵᠡᠷᠭᠡ ᠲᠠᠷᠢᠶᠠᠯᠠᠩ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠡᠭᠦᠷᠭᠡ ᠶᠢ ᠰᠢᠨ᠎ᠡ ᠪᠠᠷ ᠨᠡᠮᠡᠭᠳᠡᠭᠦᠯᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠲᠠᠷᠢᠶᠠᠯᠠᠩ ᠤᠨ ᠪᠡᠯᠡᠳᠬᠡᠮᠵᠢ ᠶᠢᠨ ᠪᠠᠷᠢᠴᠠᠭᠠᠯᠠᠨ ᠳᠡᠩᠰᠡᠯᠡᠵᠦ ᠳᠠᠭᠠᠭᠠᠯᠲᠠ ᠬᠢᠵᠦ ᠪᠠᠯᠠ ᠳᠣᠭᠢᠷᠠᠭᠤᠯᠬᠤ ᠲᠤᠷᠰᠢᠯᠲᠠ ᠶᠢᠨ ᠴᠢᠭ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠯᠠᠬᠤ ᠲᠠᠪᠴᠠᠩ ᠢ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ ᠵᠢᠯ ᠤᠨ ᠠᠷᠠᠯᠵᠢᠶᠠᠯᠠᠭᠰᠠᠨ ᠲᠤᠭ᠎ᠠ ᠶᠢ 4 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠪᠥᠬᠦ ᠣᠷᠣᠨ ᠤ ᠠᠩᠬᠠᠳᠠᠭᠴᠢ ᠪᠦᠯᠦᠭ ᠣᠷᠤᠭ ᠬᠤᠷᠢᠮ ᠤᠨ ᠵᠠᠩ ᠦᠶ᠋ᠯᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ 4 A ᠲᠠᠰ ᠤᠨ ᠣᠷᠤᠭ ᠳᠠᠩᠰᠠᠯᠠᠬᠤ ᠪᠠᠶᠢᠭᠤᠯᠭ᠎ᠠ ᠶᠢ ᠴᠢᠨᠠᠷ ᠰᠠᠶᠢᠲᠠᠶ ᠪᠠᠶᠢᠭᠤᠯᠤᠨ᠎ᠠ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠬᠢᠬᠦ ᠢᠨᠵᠧᠨᠧᠷᠢᠩ ᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠰᠢᠨ᠎ᠡ ᠶᠢ ᠡᠭᠦᠳᠬᠦ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠪᠲᠤᠯᠤᠯᠲᠠ ᠬᠢᠬᠦ ᠶᠢ ᠳᠡᠮᠵᠢᠵᠦ᠂ ᠰᠢᠨ᠎ᠡ ᠦᠶ᠋ᠯᠡᠳᠬᠦᠨ ᠰᠢᠨ᠎ᠡ ᠮᠡᠷᠭᠡᠵᠢᠯ ᠢᠶᠠᠷ ᠭᠤᠤᠯ ᠠᠵᠢᠯ ᠢᠶᠠᠨ ᠬᠦᠴᠦᠷᠬᠡᠭᠵᠢᠭᠦᠯᠦᠨ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠦᠷᠭᠡᠨ ᠪᠤᠶᠢᠵᠢᠬᠤ ᠶᠢ ᠲᠦᠯᠬᠢᠨ ᠠᠬᠢᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠴᠢᠷᠮᠠᠶᠢᠨ ᠡᠭᠦᠳᠦᠨ᠎ᠡ᠃ ᠭᠤᠷᠪᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤᠨ ᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠢ ᠬᠥᠳᠡᠭᠡ ᠲᠣᠰᠬᠤᠨ ᠳᠤ ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ ᠭᠦᠶ᠋ᠴᠡᠳᠬᠡᠬᠦ᠂ ᠵᠥᠷᠢᠶ᠎ᠡ ᠥᠬᠡᠶ ᠭᠦᠶ᠋ᠴᠡᠳᠬᠡᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠵᠢᠴᠢ ︽ᠶᠡᠷᠦᠩᠬᠡᠶᠢᠯᠡᠭᠰᠡᠨ ᠨᠢᠭᠡ ᠴᠣᠩᠬᠤᠪᠴᠢ ︾ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 1085 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠦᠨᠡᠮᠯᠡᠯ ᠥᠬᠡᠶ ᠪᠠᠷ ᠭᠦᠶ᠋ᠴᠡᠳᠬᠡᠬᠦ︾᠂ 176 ᠵᠦᠢᠯ ᠤᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠪᠡᠶᠡᠯᠡᠭᠦᠯᠵᠦ᠂ ᠰᠦᠯᠵᠢᠶ᠎ᠡ ᠪᠠᠷ ᠭᠦᠶ᠋ᠴᠡᠳᠬᠡᠬᠦ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ︽12345︾ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠲᠥᠬᠦᠮ ᠦᠵᠡᠭᠦᠯᠦᠨ ᠠᠷᠠᠳ ᠲᠤ ᠠᠰᠢᠭ ᠬᠦᠷᠲᠡᠭᠡᠬᠦ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ