ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 6
ᠨᠡᠶᠢᠲᠡᠯᠡᠭᠰᠡᠨ ᠴᠠᠭ᠄
2024/11/6
      ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠨᠠᠩ ᠶᠡᠭᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠨᠠᠷᠢᠯᠢᠭ ᠬᠡᠷᠡᠭᠯᠡᠵᠦ᠂ ︽ᠬᠤᠶᠠᠷ ᠢ ᠪᠠᠲᠤᠯᠠᠬᠤ᠂ ᠭᠤᠷᠪᠠ ᠶᠢ ᠳᠡᠭᠡᠭᠰᠢᠯᠡᠭᠦᠯᠬᠦ᠂ ᠬᠤᠶᠠᠷ ᠢ ᠴᠢᠩᠭᠠᠳᠬᠠᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠦᠢᠯᠡᠰ ᠪᠤᠰᠬᠠᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠢᠭᠡ ᠳᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠪᠠ ᠦᠷ᠎ᠡ ᠬᠤᠶᠠᠷ ᠵᠠᠩᠭᠢᠯᠠᠭ᠎ᠠ ᠶᠢ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 100 ᠲᠦᠮᠡᠨ ᠮᠥ ᠬᠠᠷ᠎ᠠ ᠬᠥᠷᠥᠰᠥᠲᠦ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ᠂ 200 ᠲᠦᠮᠡᠨ ᠮᠥ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠪᠥᠬᠦ ᠰᠢᠶᠠᠨ ᠢᠶᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠡᠬᠡ ᠴᠣᠭᠴᠠ ᠶᠢ ᠪᠠᠶᠢᠭᠤᠯᠤᠨ ᠬᠦᠴᠦᠷᠬᠡᠭᠵᠢᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠦᠯ ᠵᠦᠢᠯ ᠢ ᠬᠦᠴᠦᠲᠡᠢ ᠬᠡᠷᠡᠭᠵᠢᠭᠦᠯᠵᠦ᠂ ᠤᠯᠤᠰ ᠠᠴᠠ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠡᠭᠦᠳᠦᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢᠨ ᠦᠷ᠎ᠡ ᠦᠢᠯᠡᠳᠬᠦ ᠲᠣᠮᠣ ᠰᠢᠶᠠᠨ ᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠯᠵᠤ᠂ ᠦᠷ᠎ᠡ ᠪᠤᠶᠢᠵᠢᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠯ ᠤᠨ ᠳᠣᠲᠣᠷ᠎ᠠ ᠰᠢᠷ᠎ᠠ ᠪᠤᠷᠴᠠᠭ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 1 ᠲᠦᠮᠡᠨ ᠮᠥ ᠠᠴᠠ ᠳᠡᠭᠡᠭᠰᠢ᠂ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ 5000 ᠮᠥ ᠠᠴᠠ ᠳᠡᠭᠡᠭᠰᠢ ᠪᠠᠶᠢᠭᠤᠯᠬᠤ ᠶᠢ ᠪᠠᠲᠤᠯᠠᠨ᠎ᠠ᠃ ᠣᠳᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠵᠢᠯ ᠤᠨ ᠳᠣᠲᠣᠷ᠎ᠠ ᠪᠦᠬᠦ ᠬᠤᠰᠢᠭᠤᠨ ᠤ ᠲᠥᠬᠦᠭᠡᠷᠦᠮᠵᠢᠲᠦ ᠲᠠᠷᠢᠶᠠᠯᠠᠩ ᠤᠨ ᠲᠠᠷᠢᠬᠤ ᠲᠠᠯᠠᠪᠠᠢ ᠶᠢ 1775 ᠮᠤ᠋ ᠳᠤ ᠬᠦᠷᠭᠡᠵᠦ᠂ ᠲᠥᠬᠦᠭᠡᠷᠦᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠤᠭ᠎ᠠ ᠶᠢ 112 ᠲᠦᠮᠡᠨ ᠲᠣᠯᠣᠭᠠᠢ ᠳᠤ ᠬᠦᠷᠭᠡᠬᠦ ᠪᠠᠷ ᠴᠢᠷᠮᠠᠶᠢᠨ᠎ᠠ᠃ ᠬᠤᠶᠠᠷ ᠲᠤ ᠬᠤᠷᠳᠤᠴᠠ ᠶᠢ ᠲᠦᠷᠭᠡᠳᠬᠡᠵᠦ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠱᠢᠶ᠎ᠡ ᠦᠵᠡᠭᠦᠯᠬᠦ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠶᠢ ᠲᠦᠷᠭᠡᠳᠬᠡᠬᠦ ᠪᠠᠷ ᠤᠳᠤᠷᠢᠳᠤᠮᠵᠢ ᠪᠣᠯᠭᠠᠵᠤ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ᠂ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠪᠠᠷ ᠭᠤᠤᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠲᠠᠪᠤᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠶᠢᠯ ᠲᠣᠰᠬᠤᠨ ᠤ ᠣᠷᠣᠬᠤ ᠡᠭᠦᠳᠡ᠂ ᠵᠠᠰᠠᠮᠠᠯ ᠵᠠᠮ᠂ ᠣᠯᠠᠨ ᠨᠡᠶᠢᠲᠡ ᠶᠢᠨ ᠪᠠᠷᠢᠯᠭ᠎ᠠ ᠵᠡᠷᠭᠡ ᠳᠦᠷᠢ ᠲᠥᠷᠬᠦ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠨᠢᠭᠡ ᠪᠦᠯᠦᠭ ᠠᠵᠤ ᠦᠢᠯᠡᠰ ᠢᠶᠠᠷ ᠲᠣᠪᠤᠶᠢᠮ᠎ᠠ᠂ ᠣᠨᠴᠠᠯᠢᠭ ᠢᠶᠠᠷ ᠢᠯᠡ ᠲᠣᠳᠣ ᠵᠢᠱᠢᠶ᠎ᠡ ᠦᠵᠡᠭᠦᠯᠬᠦ ᠠᠶᠢᠯ ᠲᠣᠰᠬᠤᠨ ᠢ ᠪᠣᠶ ᠪᠣᠯᠭᠠᠨ᠎ᠠ᠃ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠴᠠᠬᠢᠯᠭᠠᠨ ᠲᠦᠭᠡᠭᠡᠬᠦ ᠲᠤᠤᠷ ᠰᠦᠯᠵᠢᠶ᠎ᠡ ᠶᠢᠨ ᠥᠭᠡᠷᠡᠴᠢᠯᠡᠯᠲᠡ᠂ ᠮᠤᠵᠢ ᠶᠢᠨ ᠵᠠᠮ ᠤᠨ S 307 ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠂ ᠬᠤᠩ ᠬᠤᠸᠠ ᠯᠢᠶᠠᠩ ᠽᠢ ᠠᠴᠠ ᠰᠤᠷᠴᠢ ᠬᠦᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠳᠡᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠲᠥᠷᠥᠯ ᠵᠦᠢᠯ ᠢ ᠢᠳᠡᠪᠬᠢᠯᠡᠨ ᠣᠯᠵᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠣᠰᠬᠤᠨ ᠢ ᠬᠠᠮᠤᠷᠬᠤ᠂ ᠡᠷᠦᠬᠡ ᠲᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠷᠢᠯᠢᠭ ᠨᠠᠶᠢᠳᠠᠪᠤᠷᠢᠵᠢᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠠᠳᠠᠭᠤ ᠶᠢ ᠲᠡᠳᠬᠦᠬᠦ ᠮᠠᠯᠵᠢᠯ ᠤᠨ ᠲᠠᠯᠠᠪᠠᠶ ᠵᠡᠷᠭᠡ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠡᠯᠪᠡᠷᠢ ᠪᠠᠨ ᠬᠤᠪᠢᠷᠠᠭᠤᠯᠬᠤ᠂ ᠠᠯᠳᠠᠭᠳᠠᠯ ᠢᠶᠠᠨ ᠬᠤᠪᠢᠷᠠᠭᠤᠯᠤᠨ ᠦᠷ᠎ᠡ ᠪᠦᠲᠦᠮᠵᠢ ᠤᠯᠬᠤ ᠶᠢ ᠶᠡᠬᠡᠪᠡᠷ ᠠᠬᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠶ᠂ ᠬᠦᠴᠦ ᠶᠠᠪᠤᠬᠤ ᠨᠥᠬᠦᠪᠥᠷᠢ᠂ ᠬᠤᠷ᠎ᠠ ᠪᠣᠷᠣᠭᠠᠨ ᠲᠥᠯᠥᠪᠯᠡᠭᠡ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠶᠠᠳᠠᠭᠤ ᠬᠦᠴᠢᠷᠳᠡᠯᠲᠡᠶ ᠶᠢ ᠰᠡᠷᠭᠡᠶᠢᠯᠡᠬᠦ ᠳᠠᠭᠠᠳᠬᠠᠯ ᠵᠡᠷᠭᠡ ᠬᠤᠷᠢᠭ᠎ᠠ ᠱᠤᠭᠤᠮ ᠢ ᠰᠠᠬᠢᠬᠤ᠂ ᠳᠤᠲᠠᠭᠤᠳᠠᠯ ᠢᠶᠠᠨ ᠨᠥᠬᠦᠪᠥᠷᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠲᠥᠪ ᠠᠴᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠵᠦ ᠪᠤᠵᠠᠭᠠᠶᠢᠷᠠᠭᠤᠯᠤᠨ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠪᠥᠬᠦ ᠵᠢᠯ ᠳᠤ ᠲᠣᠰᠬᠤᠨ ᠤ ᠬᠠᠮᠲᠤ ᠶᠢᠨ ᠠᠵᠤ ᠠᠬᠤᠶ ᠶᠢ 500 ᠲᠦᠮᠡᠨ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃  
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ