︵ᠲᠠᠪᠤ︶ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ ᠬᠥᠭᠵᠢᠯᠲᠡ ᠶᠢ ᠡᠷᠢᠯᠬᠢᠯᠡᠨ᠂ ᠬᠤᠲᠠ ᠶᠢᠨ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢᠨ ᠲᠠᠯ᠎ᠠ ᠪᠠᠷ ᠨᠠᠩ ᠶᠡᠭᠡ ᠠᠯᠬᠤᠮ ᠢ ᠠᠯᠬᠤᠨ᠎ᠠ᠃ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠣᠶ ᠪᠣᠯᠭᠠᠵᠤ᠂ ︽ᠬᠤᠸᠠᠷ ᠬᠠᠳᠬᠤᠬᠤ︾ | ᠬᠦᠴᠦ ᠣᠷᠣᠭᠤᠯᠵᠤ᠂ ᠬᠤᠲᠠ ᠶᠢᠨ ᠭᠤ ᠤᠠ᠋ ᠰᠠᠶᠢᠬᠠᠨ ᠢ ᠨᠠᠷᠢᠯᠢᠭ ᠱᠤᠭᠤᠬᠤ ᠬᠡᠷᠡᠭᠲᠡᠶ᠃ ᠨᠢᠭᠡ ᠳᠤ ︽ᠳᠡᠭᠡᠳᠦ ᠳᠡᠰ︾ ᠢᠶᠠᠷ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠥᠷᠨᠢᠭᠦᠯᠦᠨ᠎ᠡ᠃ ᠹᠦ᠋ ᠰᠢᠨ ᠵᠢᠶᠠ ᠶᠤᠸᠠᠨ᠂ ᠶᠤᠸᠠᠢ ᠬᠤᠸᠠ ᠠᠭᠤᠳᠠᠮ ᠲᠠᠯᠠᠪᠠᠢ ᠵᠡᠷᠭᠡ ᠭᠡᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠵᠢᠯ ᠤᠨ ᠳᠣᠲᠣᠷ᠎ᠠ 3 . 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 26 . 96 ᠲᠦᠮᠡᠨ | ᠲᠡᠭᠰᠢ ᠳᠥᠷᠪᠡᠯᠵᠢᠨ ᠮᠧᠳ᠋ᠷ ᠲᠠᠯᠠᠪᠠᠢ ᠪᠦᠬᠦᠢ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠠᠭᠤᠴᠢᠨ ᠬᠤᠲᠠ ᠲᠣᠭᠤᠷᠢᠭ ᠢ ᠥᠭᠡᠷᠡᠴᠢᠯᠡᠨ ᠪᠠᠶᠢᠭᠤᠯᠬᠤ | ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠳᠣᠲᠣᠷ᠎ᠠ 20 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠭᠠᠵᠠᠷ ᠰᠢᠷᠣᠢ ᠶᠢ ᠰᠤᠯᠠᠯᠠᠨ | ᠭᠠᠷᠭᠠᠬᠤ ᠶᠢ ᠪᠠᠲᠤᠯᠠᠨ᠎ᠠ᠃ ᠤᠯᠤᠰ ᠠᠴᠠ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠬᠤᠲᠠ ᠶᠢᠨ ᠨᠣᠭᠤᠭᠠᠷᠠᠭᠤᠯᠤᠯᠲᠠ᠂ | ᠭᠤᠶᠤᠵᠢᠭᠤᠯᠤᠯᠳᠠ᠂ ᠭᠡᠷᠡᠯᠲᠦᠭᠦᠯᠭᠡ ᠶᠢᠨ ᠢᠨᠵᠧᠨᠧᠷᠢᠩ ᠢ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠵᠦ ᠬᠡᠷᠡᠭᠵᠢᠭᠦᠯᠦᠨ᠂ ᠡᠶ᠎ᠡ ᠵᠣᠬᠢᠴᠠᠯᠳᠤ ᠶᠡᠭᠡ | ᠵᠡᠭᠡᠯᠢ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠪᠦᠰᠡ᠂ ᠡᠮᠦᠨᠡᠲᠦ ᠤᠮᠠᠷᠠᠲᠤ ᠶᠢᠨ ᠣᠷᠣᠵᠤ ᠭᠠᠷᠬᠤ ᠭᠠᠵᠠᠷ ᠪᠠ ᠵᠠᠮ ᠳᠠᠭᠠᠤ ᠶᠢᠨ ᠨᠣᠭᠤᠭᠠᠷᠠᠭᠤᠯᠤᠯᠲᠠ | ᠬᠢᠵᠦ ᠳᠡᠰ ᠳᠡᠪᠰᠢᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠥᠭᠵᠢᠭᠦᠯᠦᠨ ᠮᠠᠨᠳᠤᠭᠤᠯᠬᠤ ᠵᠠᠮ᠂ ᠠᠷᠤᠨ ᠶᠡᠭᠡ ᠵᠡᠭᠡᠯᠢ ᠶᠢᠨ ᠲᠡᠮᠳᠡᠭ ᠲᠠᠢ | ᠪᠠᠷᠢᠯᠭ᠎ᠠ ᠶᠢ ᠭᠤᠶᠣᠵᠢᠭᠤᠯᠤᠨ ᠭᠡᠷᠡᠯᠲᠦᠭᠦᠯᠬᠦ ᠶᠢ ᠪᠦᠯᠦᠭ ᠬᠤᠪᠢᠶᠠᠨ ᠪᠡᠶᠡᠯᠡᠭᠦᠯᠵᠦ᠂ ᠬᠤᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠂ | ᠦᠵᠡᠰᠬᠦᠯᠡᠩᠲᠦ ᠰᠠᠶᠢᠬᠠᠨ ᠠᠷᠤᠨ ᠢ ᠪᠥᠬᠦ ᠬᠦᠴᠦᠨ ᠢᠶᠠᠷ ᠴᠣᠭᠴᠠᠯᠠᠨ ᠪᠠᠶᠢᠭᠤᠯᠤᠨ᠎ᠠ᠃ ᠬᠤᠶᠠᠷ ᠲᠤ᠂ ︽ᠴᠢᠨᠠᠷ ᠰᠠᠶᠢᠲᠠᠶ︾ ᠬᠤᠲᠠ ᠶᠢᠨ ᠰᠢᠨᠡᠴᠢᠯᠡᠯᠲᠡ ᠶᠢ | ᠬᠡᠷᠡᠭᠵᠢᠭᠦᠯᠦᠨ᠎ᠡ᠃ ︽ᠬᠠᠶᠢᠷ᠎ᠠ ᠬᠠᠯᠠᠮᠵᠢ ᠬᠦᠷᠲᠡᠭᠡᠬᠦ ᠢᠨᠵᠧᠨᠧᠷᠢᠩ︾ ᠢ ᠭᠦᠨᠵᠡᠭᠡᠶ ᠲᠦᠯᠬᠢᠨ ᠠᠬᠢᠭᠤᠯᠵᠤ᠂ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ | ︽ᠲᠠᠪᠤᠨ ᠠᠵᠢᠯᠯᠠᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠢᠯᠴᠢ ᠬᠠᠩᠭᠠᠬᠤ ᠬᠠᠭᠤᠴᠢᠨ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ | ᠲᠦᠷᠭᠡᠳᠬᠡᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠣᠯᠳᠠᠯᠭ᠎ᠠ ᠲᠠᠢ ᠬᠦᠴᠢᠷᠳᠡᠯᠲᠡᠶ ᠪᠠᠭ᠎ᠠ ᠲᠣᠭᠤᠷᠢᠭ ᠲᠤ ᠲᠥᠪᠯᠡᠷᠡᠭᠦᠯᠦᠨ ᠪᠠᠬᠢᠯᠡᠯᠲᠡ | ᠳᠠᠭᠠᠷᠢᠬᠤ ᠶᠢ ᠥᠷᠨᠢᠭᠦᠯᠦᠨ᠂ ᠢᠯᠴᠢ ᠬᠠᠩᠭᠠᠬᠤ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ᠂ ᠨᠥᠬᠦᠪᠥᠷᠢ ᠥᠭᠬᠦ ᠪᠠ ᠪᠤᠴᠠᠭᠠᠵᠤ ᠭᠠᠷᠭᠠᠬᠤ | ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢ ᠴᠢᠩᠭᠠᠳᠬᠠᠨ᠂ | ᠲᠥᠪᠯᠡᠷᠡᠭᠦᠯᠦᠨ ᠢᠯᠴᠢ ᠬᠠᠩᠭᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ︽ᠬᠠᠶᠢᠷ᠎ᠠ ᠬᠠᠯᠠᠮᠵᠢ ᠬᠦᠷᠭᠡᠬᠦ | ᠢᠨᠵᠧᠨᠧᠷᠢᠩ︾ ᠢ ᠦᠨᠡᠨᠬᠦ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠬᠤ ᠬᠡᠷᠡᠭᠲᠡᠶ᠃ ︽ᠪᠢᠴᠢᠯ ᠥᠭᠡᠷᠡᠴᠢᠯᠡᠯᠲᠡ᠂ ᠨᠠᠷᠢᠯᠢᠭ ᠳᠡᠭᠡᠭᠰᠢᠯᠡᠯᠲᠡ︾ ᠶᠢ | ᠬᠢᠨᠠᠮᠠᠭᠠᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠲᠦᠷᠭᠡᠳᠬᠡᠨ ᠠᠬᠢᠭᠤᠯᠵᠤ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠳᠤᠮᠳᠠᠬᠢ ᠤᠰᠤᠨ ᠤ ᠬᠤᠭᠤᠯᠠᠢ 12 . 2 ᠺᠢᠯᠣᠮᠧᠳ᠋ᠷ ᠤᠷᠲᠤ᠂ 6 . 4 ᠺᠢᠯᠣᠮᠧᠳ᠋ᠷ ᠤᠷᠲᠤ ᠪᠣᠬᠢᠷ ᠤᠰᠤ ᠰᠢᠢᠳᠪᠦᠷᠢᠯᠡᠬᠦ | ᠬᠤᠭᠤᠯᠠᠢ ᠶᠢ ᠤᠷᠲᠤᠳᠬᠠᠵᠤ᠂ 8 ᠰᠠᠭᠤᠷᠢ ᠬᠤᠭ ᠨᠣᠪᠰᠢ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠤᠨ᠂ ᠬᠤᠭ ᠨᠣᠪᠰᠢ ᠰᠢᠢᠳᠪᠦᠷᠢᠯᠡᠬᠦ | ᠦᠢᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠤᠨ ᠵᠡᠭᠡᠯᠢ | ᠂ ᠬᠤᠶᠢᠲᠤ ᠲᠣᠭᠤᠷᠢᠯ ᠵᠠᠮ ᠵᠡᠷᠭᠡ ︽ᠮᠤᠬᠤᠷ ᠵᠠᠮ︾ ᠢ ᠨᠡᠪᠲᠡᠷᠡᠭᠦᠯᠬᠦ ᠪᠠᠷ ᠴᠢᠷᠮᠠᠶᠢᠨ᠂ ︽ᠬᠠᠷᠠᠩᠭᠤᠢ ᠵᠠᠮ︾ ᠢ ᠦᠷᠭᠦᠯᠵᠢᠯᠡᠨ ᠥᠭᠡᠷᠡᠴᠢᠯᠡᠵᠦ᠂ ᠬᠤᠲᠠ ᠶᠢᠨ | ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠭᠤᠷᠪᠠ ᠳᠤ ︽ᠥᠨᠳᠥᠷ ᠪᠠᠷᠢᠮᠵᠢᠶ᠎ᠠ︾ ᠪᠠᠷ ᠨᠠᠷᠢᠯᠢᠭ ᠬᠠᠮᠢᠶᠠᠷᠤᠯᠲᠠ ᠶᠢ | ᠨᠠᠶᠢᠳᠠᠪᠤᠷᠢᠵᠢᠭᠤᠯᠤᠨ᠎ᠠ᠃ ︽ᠵᠡᠭᠡᠯᠢ ᠶᠢ ᠴᠢᠩᠭ᠎ᠠ ᠬᠠᠮᠢᠶᠠᠷᠬᠤ︾ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠮᠦᠨᠡᠳᠡᠬᠢ ᠭᠠᠳᠠᠭᠠᠳᠤ | ᠭᠠᠷᠭᠠᠯᠲᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠣᠭᠲᠠᠭᠠᠯ ᠠᠴᠠ ᠵᠥᠷᠢᠴᠡᠨ ᠪᠠᠶᠢᠭᠤᠯᠵᠤ ᠡᠵᠡᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ᠂ ᠴᠠᠬᠢᠯᠭᠠᠨ | ᠬᠥᠳᠡᠯᠭᠡᠭᠦᠷᠲᠦ ᠲᠡᠷᠭᠡ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠴᠡᠪᠡᠷ ᠲᠡᠭᠰᠢ᠂ ᠣᠷᠣᠰᠢᠨ ᠰᠠᠭᠤᠬᠤ ᠳᠤ ᠲᠣᠬᠢᠷᠠᠮᠵᠢᠲᠠᠶ᠂ | ᠠᠷᠠᠳ ᠲᠦᠮᠡᠨ ᠳᠤ ᠲᠠᠭᠠᠰᠢᠶᠠᠭᠳᠠᠭᠰᠠᠨ ᠬᠤᠲᠠ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ | ᠪᠠᠶᠢᠩᠭᠤᠵᠢᠭᠤᠯᠤᠨ ᠥᠷᠨᠢᠭᠦᠯᠵᠦ᠂ ᠬᠠᠭᠤᠴᠢᠨ ᠵᠢᠵᠢᠭ ᠲᠣᠭᠤᠷᠢᠭ᠂ ᠭᠠᠭᠴᠠ ᠴᠣᠭᠴᠠᠲᠤ ᠠᠰᠠᠷ ᠤᠨ ᠠᠳᠠᠯ ᠠᠬᠤᠢ ᠶᠢᠨ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠵᠡᠷᠭᠡᠪᠡᠷ ᠳᠡᠭᠡᠭᠰᠢᠯᠡᠭᠦᠯᠦᠨ᠂ ᠤᠷᠭᠤᠮᠠᠯ ᠭᠠᠪᠢᠷ᠎ᠠ ᠶᠢᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠡᠷᠭᠡ 3 ᠥᠨᠳᠥᠷ ᠪᠠᠷᠢᠮᠵᠢᠶᠠᠲᠤ ᠠᠳᠠᠯ | ᠠᠬᠤᠢ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠢᠵᠢᠭ ᠲᠣᠭᠤᠷᠢᠭ ᠢ ᠲᠥᠷᠥᠯ ᠬᠤᠪᠢᠶᠠᠨ ᠡᠭᠦᠳᠦᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠢ ᠶᠢᠨ | ᠬᠦᠷᠦᠩᠭᠡ ᠶᠢᠨ ︽ᠭᠤᠷᠪᠠᠨ ᠬᠦᠴᠢᠷᠳᠡᠯ︾ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠤᠯᠠᠨ ᠲᠦᠮᠡᠨ ᠳᠤ | ᠬᠠᠮᠤᠭ ᠤᠨ ᠬᠠᠯᠠᠭᠤᠨ ᠳᠤᠯᠠᠭᠠᠨ ᠪᠣᠳᠠᠲᠤ ᠶᠠᠪᠤᠳᠠᠯ ᠢ ᠰᠠᠶᠢᠲᠤᠷ ᠬᠢᠵᠦ ᠥᠭᠭᠦᠨ᠎ᠡ᠃ | |