︵ᠵᠢᠷᠭᠤᠭ᠎ᠠ︶ ᠠᠮᠢ ᠠᠬᠤᠶ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ᠦᠵᠡᠰᠬᠦᠯᠡᠩᠲᠦ ᠰᠠᠶᠢᠬᠠᠨ ᠠᠷᠤᠩ ᠢ | ᠪᠥᠲᠥᠭᠡᠨ ᠪᠠᠶᠢᠭᠤᠯᠬᠤ ᠳᠡᠭᠡᠷ᠎ᠡ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ | ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠣᠷᠣᠨ ᠪᠦᠰᠡ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠷᠢ᠊ ᠡᠶ᠎ᠡ ᠪᠦᠬᠦ ᠶᠠᠪᠤᠴᠠ ᠪᠠᠷ ᠠᠬᠢᠭᠤᠯᠬᠤ | ᠬᠡᠷᠡᠭᠲᠡᠢ᠃ ᠨᠢᠭᠡ ᠳᠤ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠦᠷᠭᠦᠯᠵᠢᠯᠡᠨ ᠴᠢᠩᠭᠠᠳᠬᠠᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠳᠤ ᠲᠥᠯᠥᠪᠵᠢᠭᠦᠯᠵᠦ᠂ | ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ 934 . 83 ᠲᠦᠮᠡᠨ ᠮᠦ ᠣᠢ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ | ᠣᠢ ᠰᠢᠭᠤᠢ ᠶᠢᠨ ᠭᠠᠯ ᠰᠡᠷᠭᠡᠶᠢᠯᠡᠬᠦ ᠵᠠᠮ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠵᠢᠴᠢ ᠢᠵᠢ ᠪᠦᠷᠢᠳᠦᠭᠰᠡᠨ ᠳᠠᠭᠠᠯᠲᠠ ᠲᠥᠬᠦᠭᠡᠷᠦᠮᠵᠢ ᠶᠢᠨ ᠲᠥᠷᠥᠯ ᠵᠦᠢᠯ ᠢ | ᠣᠯᠬᠤ ᠪᠠᠷ ᠢᠳᠡᠪᠬᠢᠲᠡᠢ ᠴᠢᠷᠮᠠᠶᠢᠨ᠎ᠠ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠶᠡᠷᠦᠩᠬᠡᠶᠢᠯᠡᠨ ᠵᠠᠰᠠᠬᠤ ᠲᠥᠷᠥᠯ | ᠵᠦᠢᠯ ᠢ ᠭᠦᠨᠵᠡᠭᠡᠶ ᠬᠡᠷᠡᠭᠵᠢᠭᠦᠯᠵᠦ᠂ ᠠᠷᠤᠨ ᠭᠤᠣᠯ᠂ ᠭᠡᠨᠢ ᠭᠤᠣᠯ ᠤᠨ ᠴᠢᠬᠤᠯᠠ ᠰᠠᠯᠪᠤᠷᠢ ᠤᠷᠤᠰᠬᠠᠯ ᠪᠣᠯᠤᠨ ᠰᠤᠷᠴᠢ ᠭᠤᠣᠯ᠂ ᠬᠤᠸᠠᠩ ᠬᠤᠤ ᠭᠧᠦ ᠵᠡᠷᠭᠡ | ᠳᠤᠮᠳᠠ ᠪᠠᠭ᠎ᠠ ᠭᠤᠣᠯ ᠮᠥᠷᠡᠨ ᠢ ᠵᠠᠰᠠᠬᠤ ᠢᠨᠵᠧᠨᠧᠷᠢᠩ ᠢ ᠢᠳᠡᠪᠬᠢᠲᠡᠶ ᠲᠡᠮᠡᠴᠡᠨ ᠣᠯᠵᠤ᠂ ᠰᠠᠯᠢ ᠭᠧᠦ ᠶᠢ ᠵᠠᠰᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ | ᠂ ᠬᠠᠤᠯᠢ ᠪᠤᠰᠤ ᠪᠠᠷ ᠡᠯᠡᠰᠦ ᠮᠠᠯᠲᠠᠬᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ᠂ ᠲᠣᠭᠲᠠᠭᠠᠯ ᠠᠴᠠ ᠵᠥᠷᠢᠴᠡᠨ ᠤᠰᠤ ᠲᠠᠲᠠᠬᠤ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠵᠤ᠂ ᠵᠢᠯ ᠤᠨ ᠳᠣᠲᠣᠷ᠎ᠠ 614 ᠵᠤᠷᠪᠤᠰ ᠢᠳᠡᠭᠳᠡᠮᠡᠯ ᠭᠤᠤ᠂ ᠠᠭᠤᠯᠠᠨ ᠦᠶᠡᠷ ᠤᠨ ᠭᠤᠤ 5 ᠵᠤᠷᠪᠤᠰ᠂ ᠬᠥᠷᠥᠰᠥ ᠰᠢᠷᠣᠶ ᠶᠢᠨ ᠢᠳᠡᠭᠳᠡᠯ ᠢ | ᠵᠠᠰᠠᠬᠤ ᠲᠠᠯᠠᠪᠠᠶ ᠶᠢ 164 . 7 ᠲᠡᠭᠰᠢ ᠳᠥᠷᠪᠡᠯᠵᠢᠨ ᠺᠢᠯᠤᠮᠧᠳ᠋ᠷ ᠵᠠᠰᠠᠬᠤ ᠪᠠᠷ ᠴᠢᠷᠮᠠᠶᠢᠨ᠎ᠠ᠃ ᠬᠠᠶᠠᠭᠳᠠᠮᠠᠯ ᠮᠠᠲ᠋ᠧᠷᠢᠶᠠᠯ ᠠᠪᠬᠤ ᠭᠠᠵᠠᠷ ᠤᠨ ᠣᠷᠴᠢᠨ | ᠲᠣᠭᠤᠷᠢᠨ ᠤ ᠵᠠᠰᠠᠯᠲᠠ ᠪᠠ ᠴᠠᠪᠠᠴᠢ ᠰᠢᠶᠠᠩ ᠤᠨ ᠭᠦᠸᠧ ᠵᠢᠶᠠ ᠶᠣᠣ ᠶᠢᠨ ᠰᠢᠪᠠᠷ ᠴᠢᠯᠠᠭᠤᠨ ᠤᠷᠤᠰᠬᠠᠯ ᠤᠨ ᠭᠠᠵᠠᠷ ᠤᠨ ᠭᠠᠮᠰᠢᠭ ᠤᠨ ᠬᠡᠮ ᠰᠣᠭᠤᠭ ᠢ ᠵᠠᠰᠠᠬᠤ | ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢᠨ ᠰᠡᠷᠭᠦᠭᠡᠯᠲᠡ ᠶᠢ | ᠴᠢᠨᠠᠷ ᠰᠠᠶᠢᠲᠠᠶ ᠪᠡᠶᠡᠯᠡᠭᠦᠯᠦᠨ᠎ᠡ᠃ ᠬᠤᠶᠠᠷ ᠲᠤ ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠢᠰᠲ᠋ᠧᠮ ᠲᠠᠢ ᠪᠠᠷ ᠲᠦᠯᠬᠢᠨ ᠠᠬᠢᠭᠤᠯᠤᠨ᠎ᠠ᠃ | ︽ᠬᠥᠬᠡ ᠣᠭᠲᠠᠷᠭᠤᠢ ᠶᠢᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠤᠨ᠂ 65 ᠠᠭᠤᠷᠰᠢᠯᠲᠠ ᠶᠢᠨ ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠠ ᠠᠷᠤᠨ ᠴᠡᠪᠡᠷ ᠳᠤᠯᠠᠭᠠᠯᠠᠭ᠎ᠠ ᠶᠢ ᠣᠷᠣᠯᠠᠭᠤᠯᠬᠤ ᠢᠨᠵᠧᠨᠧᠷᠢᠩ ᠢ ᠢᠳᠡᠪᠬᠢᠲᠡᠢ ᠠᠬᠢᠭᠤᠯᠵᠤ᠂ | ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ ᠪᠠ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠵᠠᠰᠠᠬᠤ ᠶᠢ ᠵᠣᠬᠢᠶᠠᠨ ᠪᠠᠶᠢᠭᠤᠯᠤᠯᠲᠠ ᠦᠭᠡᠢ ᠭᠦᠨᠵᠡᠭᠡᠢ | ᠥᠷᠨᠢᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠠᠢᠬᠤ ᠡᠳᠦᠷ ᠤᠨ ᠲᠤᠭ᠎ᠠ ᠶᠢᠨ ᠬᠠᠷᠢᠴᠠᠯ ᠢ ᠲᠣᠭᠲᠠᠭᠤᠨ ᠪᠠᠶᠢᠯᠭᠠᠨ᠎ᠠ᠃ ︽ᠴᠡᠩᠭᠡᠭ ᠤᠰᠤᠨ ᠤ | ᠢᠨᠵᠧᠨᠧᠷᠢᠩ︾ ᠢ ᠭᠦᠨᠵᠡᠭᠡᠶᠢᠷᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠴᠢᠨᠠᠷ ᠰᠢᠯᠢᠳᠡᠭ ᠰᠠᠶᠢᠨ ᠪᠠᠶᠢᠬᠤ | ᠬᠠᠷᠢᠴᠠᠯ ᠢ 100 % ᠳᠤ ᠬᠦᠷᠦᠭᠦᠯᠦᠨ᠎ᠡ᠃ ︽ᠴᠡᠪᠡᠷ ᠬᠥᠷᠥᠰᠥ ᠶᠢᠨ ᠢᠨᠵᠧᠨᠧᠷᠢᠩ︾ ᠢ ᠭᠦᠨᠵᠡᠭᠡᠶᠢᠷᠡᠭᠦᠯᠦᠨ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ | ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠠᠶᠤᠯᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠲᠠᠷᠢᠶᠠᠯᠠᠩ ᠤᠨ | ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠲᠤᠰ ᠲᠤᠰ 85 %᠂ 90 % ᠪᠠ 94 % ᠠᠴᠠ ᠳᠡᠭᠡᠭᠰᠢ ᠳᠤ ᠬᠦᠷᠦᠭᠦᠯᠦᠨ ᠵᠢᠷᠤᠮᠵᠢᠭᠤᠯᠤᠨ ᠬᠠᠮᠢᠶᠠᠷᠤᠨ᠎ᠠ᠃ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠤᠨ᠎ᠠ᠃ ᠭᠤᠷᠪᠠ ᠳᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠶᠢ ᠯᠠᠪᠳᠠᠭᠤᠨ ᠪᠠᠲᠤᠲᠠᠶ | ᠠᠬᠢᠭᠤᠯᠤᠨ᠎ᠠ᠃ ︽ᠲᠠᠪᠤᠨ ᠶᠡᠭᠡ ᠰᠠᠭᠤᠷᠢ︾ ᠶᠢᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ | ᠬᠠᠩᠭᠠᠭᠠᠳᠤᠶ 14 ᠬᠡᠰᠡᠭ ᠭᠠᠵᠠᠷ ᠰᠢᠷᠣᠶ 119 . 1 ᠮᠥ ᠶᠢ ᠦᠷᠭᠦᠯᠵᠢᠯᠡᠨ ᠴᠡᠪᠡᠷᠯᠡᠨ ᠠᠷᠢᠯᠭᠠᠪᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠪᠠ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ | ᠠᠪᠬᠤ ᠶᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠣᠷᠣᠨ ᠤ ᠤᠰᠤ ᠲᠠᠲᠠᠬᠤ ᠶᠢ ᠬᠢᠨᠠᠨ ᠬᠡᠮᠵᠢᠵᠦ ᠬᠡᠮᠵᠢᠬᠦ | ᠪᠡᠯᠡᠳᠬᠡᠮᠵᠢ ᠶᠢ 30 ᠰᠢᠨ᠎ᠡ ᠪᠠᠷ ᠨᠡᠮᠡᠭᠳᠡᠭᠦᠯᠦᠨ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ 11 % ᠠᠴᠠ ᠳᠡᠭᠡᠭᠰᠢ ᠳᠤ ᠬᠦᠷᠦᠭᠦᠯᠦᠨ᠎ᠡ᠃ | |