ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 9
ᠨᠡᠶᠢᠲᠡᠯᠡᠭᠰᠡᠨ ᠴᠠᠭ᠄
2024/11/6
      ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠣᠯᠤᠨ᠎ᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠨᠠᠩ ᠣᠯᠠᠨ ︽ᠣᠯᠠᠨ ᠲᠦᠮᠡᠨ ᠳᠤ ᠲᠠᠭᠠᠯᠠᠭᠳᠠᠬᠤ︾ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠨᠠᠶᠢᠳᠠᠪᠤᠷᠢᠵᠢᠭᠤᠯᠵᠤ᠂ ᠨᠠᠩ ᠣᠯᠠᠨ ︽ᠰᠠᠨᠠᠭᠠᠰᠢᠷᠠᠬᠤ︾ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠠᠶᠢᠲᠤᠷ ᠬᠢᠨ᠎ᠠ᠃ ᠨᠢᠭᠡ ᠳᠤ᠂ ᠪᠣᠳᠠᠲᠠᠶ ᠠᠷᠭ᠎ᠠ ᠪᠣᠳᠣᠯᠭ᠎ᠠ ᠪᠠᠷ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠦᠢᠯᠡᠰ ᠪᠣᠰᠬᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠩ ᠭᠦᠢᠴᠡᠳ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠤᠶᠤᠨᠲᠤ ᠡᠮᠨᠡᠯᠭᠡ ᠶᠢᠨ ᠳᠠᠭᠠᠳᠬᠠᠯ ᠤᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠢᠳᠡᠪᠬᠢᠯᠡᠨ ᠣᠯᠵᠤ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠢ ᠳᠡᠭᠡᠭᠰᠢᠯᠡᠭᠦᠯᠬᠦ ᠪᠠ ᠣᠷᠣᠨ ᠪᠦᠰᠡ ᠶᠢᠨ ᠴᠢᠨᠠᠷᠲᠠᠶ ᠵᠢᠱᠢᠶ᠎ᠡ ᠦᠵᠡᠭᠦᠯᠦᠨ ᠨᠠᠰᠤᠲᠠᠶᠢᠴᠤᠳ ᠲᠤ ᠦᠢᠯᠡᠴᠢᠯᠡᠬᠦ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠰᠤᠲᠠᠶᠢᠴᠤᠳ ᠪᠠ ᠨᠢᠯᠬ᠎ᠠ ᠬᠡᠦᠬᠡᠳ︾ ᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠣᠷᠣᠰᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠢᠨᠳᠠᠷ ᠤᠨ ᠲᠠᠩᠬᠢᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠤ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠰᠢᠭᠤᠯᠭ᠎ᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠤᠩᠭᠤᠨ ᠢ ᠴᠡᠭᠴᠡᠯᠡᠨ ᠵᠠᠰᠠᠵᠤ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ︽ᠠᠭᠤᠯᠠ ᠤᠰᠤ ᠦᠯᠦ ᠬᠠᠷᠠᠭᠳᠠᠬᠤ︾ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠶᠠᠷ ᠲᠤ ᠬᠠᠶᠢᠷ᠎ᠠ ᠰᠡᠳᠬᠢᠯᠭᠡ ᠪᠠᠷ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠴᠢᠨᠠᠷ ᠰᠠᠶᠢᠲᠠᠶ ︽ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ︾ ᠶᠢ ᠪᠣᠶ ᠪᠣᠯᠭᠠᠨ᠎ᠠ᠃ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠳᠠᠪᠠᠭᠠᠨ ᠤ ᠵᠡᠭᠦᠨᠳᠡᠬᠢ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠤᠷᠠᠯᠢᠭ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠰᠠᠷ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠠᠷᠤᠨ ᠬᠡᠦᠬᠡᠳ ᠤᠨ ᠴᠡᠴᠡᠷᠯᠢᠭ᠂ ᠲᠠᠪᠤᠳᠤᠭᠠᠷ ᠳᠤᠮᠳᠠᠳᠤ ᠰᠤᠷᠭᠠᠭᠤᠯᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠭᠠᠯ ᠰᠡᠷᠭᠡᠶᠢᠯᠡᠯᠲᠡ ᠶᠢᠨ ᠰᠢᠯᠭᠠᠨ ᠠᠪᠤᠭᠠᠳᠤᠶ 30 ᠲᠥᠷᠥᠯ ᠵᠦᠢᠯ ᠢ ᠪᠦᠬᠦᠨ ᠢ ᠬᠦᠴᠦᠨ ᠥᠬᠡᠶ ᠪᠣᠯᠭᠠᠬᠤ ᠶᠢ ᠦᠨᠡᠨ ᠬᠦ ᠪᠠᠲᠤᠯᠠᠨ᠎ᠠ᠃ ︽ᠲᠤᠯᠤᠭᠠᠨ ᠬᠦᠴᠦᠷᠬᠡᠭ ᠤᠨ ᠠᠵᠢᠯᠯᠠᠭ᠎ᠠ ᠶᠢᠨ ᠲᠥᠯᠥᠪᠯᠡᠭᠡ︾ ᠪᠠ ᠪᠠᠭᠰᠢ ᠶᠢᠨ ᠶᠣᠰᠣ ᠮᠣᠷᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡ ᠶᠢ ᠨᠥᠬᠦᠪᠥᠷᠢᠯᠡᠬᠦ ᠠᠷᠭ᠎ᠠ ᠵᠠᠮ ᠢ ᠰᠢᠯᠤᠭᠤᠳᠬᠠᠵᠤ᠂ 120 ᠬᠥᠮᠦᠨ ᠠᠴᠠ ᠳᠡᠭᠡᠭᠰᠢ ᠪᠠᠭᠰᠢ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠡᠶᠡᠯᠡᠭᠦᠯᠵᠦ᠂ ᠨᠠᠩ ᠥᠨᠳᠥᠷ ᠪᠦᠲᠦᠮᠵᠢᠲᠡᠶ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠨ᠎ᠠ᠃ ᠭᠤᠷᠪᠠ ᠳᠤ ᠡᠷᠡᠭᠦᠯ ᠮᠡᠨᠳᠦ ᠪᠠᠷ ᠵᠣᠯ ᠵᠢᠷᠭᠠᠯ ᠢ ᠲᠤᠯᠭᠠᠭᠤᠷᠢᠯᠠᠨ᠎ᠠ᠃ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ᠂ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠬᠤᠶᠠᠷ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠲᠠᠪᠤᠨ ᠶᠡᠭᠡ ᠲᠥᠪ︾ ᠤᠨ ᠠᠪᠤᠷᠠᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠢᠳᠡᠪᠬᠢᠲᠡᠢ ᠡᠷᠡᠮᠡᠯᠵᠡᠯᠡᠨ ᠣᠯᠵᠤ᠂ ᠬᠢᠲᠠᠳ ᠡᠮᠨᠡᠯᠭᠡ ᠶᠢᠨ ᠡᠷᠡᠭᠦᠯᠵᠢᠯ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠵᠡᠷᠭᠡ ᠬᠢᠲᠠᠳ ᠮᠣᠩᠭᠤᠯ ᠡᠮᠨᠡᠯᠭᠡ ᠶᠢᠨ ᠣᠨᠴᠠᠯᠢᠭᠲᠤ ᠰᠠᠯᠠᠭ᠎ᠠ ᠲᠠᠰᠤᠭ ᠢ ᠪᠦᠬᠦ ᠬᠦᠴᠦᠨ ᠢᠶᠠᠷ ᠪᠠᠶᠢᠭᠤᠯᠵᠤ᠂ ᠵᠢᠯ ᠤᠨ ᠳᠣᠲᠣᠷ᠎ᠠ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠨᠡᠭᠦᠯᠭᠡᠬᠦ ᠶᠢ ᠪᠡᠶᠡᠯᠡᠭᠦᠯᠵᠦ᠂ ᠪᠦᠬᠦ᠋ᠢᠯᠡ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠬᠡᠷ ᠤᠨ ᠭᠠᠳᠠᠨᠠᠬᠢ ᠲᠠᠮᠢᠷ ᠤᠨ ᠲᠠᠯᠠᠪᠠᠶ ᠵᠡᠷᠭᠡ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠣᠷᠳᠣᠨ ᠤ ᠦᠵᠡᠭᠦᠯᠭᠡ ᠶᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ᠂ ᠤᠯᠠᠨ ᠨᠡᠶᠢᠲᠡ ᠶᠢᠨ ᠨᠣᠮ ᠤᠨ ᠰᠠᠩ ᠤᠨ ᠲᠣᠭᠠᠴᠢᠯᠠᠭᠰᠠᠨ ᠪᠠᠶᠢᠭᠤᠯᠤᠯᠲᠠ ᠶᠢ ᠪᠡᠶᠡᠯᠡᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ᠎ᠠ᠃ ᠳᠥᠷᠪᠡ ᠳᠤ᠂ ᠰᠠᠶᠢᠨ ᠵᠠᠰᠠᠯᠲᠠ ᠪᠠᠷ ᠡᠶ᠎ᠡ ᠵᠣᠬᠢᠴᠠᠯ ᠢ ᠰᠠᠬᠢᠨ ᠬᠠᠮᠠᠭᠠᠯᠠᠨ᠎ᠠ᠃ ᠡᠯ᠎ᠡ ᠵᠦᠢᠯ ᠤᠨ ᠠᠵᠢᠯ ᠢ ᠴᠥᠮ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠠᠴᠠ ᠥᠴᠦᠬᠡᠨ ᠴᠦ ᠰᠠᠯᠬᠤ ᠥᠬᠡᠶ ᠪᠠᠶᠢᠵᠤ᠂ ︽ᠬᠤᠶᠠᠷ ᠢ ᠴᠣᠭᠴᠠᠯᠠᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 5 ᠶᠢ ᠴᠢᠷᠮᠠᠶᠢᠨ ᠪᠠᠶᠢᠭᠤᠯᠪᠠ᠃ ᠰᠢᠨ᠎ᠡ ᠴᠠᠭ ᠦᠶ᠎ᠡ ᠶᠢᠨ ︽ᠹᠤᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠵᠤ ᠡᠳ᠋ᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠰᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠨᠤᠷᠮ᠎ᠠ︾ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠥᠷᠢ ᠥᠭᠴᠡᠭᠡ ᠶᠢᠨ ᠲᠦᠭᠰᠢᠭᠦᠷᠢ ᠶᠢ ᠢᠳᠡᠪᠬᠢᠲᠡᠶ ᠯᠠᠪᠳᠠᠭᠤᠨ ᠢᠶᠠᠷ ᠨᠠᠮᠳᠠᠭᠤᠯᠵᠤ᠂ ᠲᠥᠷᠥᠯ ᠵᠦᠢᠯ ᠪᠠ ᠥᠷᠢ ᠥᠭᠴᠡᠭᠡ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠢᠳᠡᠭᠡᠨ ᠤᠮᠳᠠᠭᠠᠨ ᠤ ᠵᠦᠢᠯᠡᠰ ᠤᠨ ᠠᠮᠤᠷ ᠲᠦᠪᠰᠢᠨ ᠤ ᠢᠲᠡᠭᠡᠮᠵᠢᠲᠡᠶ ᠬᠡᠷᠡᠭᠯᠡᠭᠡ ᠶᠢᠨ ᠵᠢᠱᠢᠶ᠎ᠡ ᠦᠵᠡᠭᠦᠯᠬᠦ ᠵᠡᠭᠡᠯᠢ ᠶᠢ ᠢᠳᠡᠪᠬᠢᠲᠡᠶ ᠡᠭᠦᠳᠦᠨ ᠪᠠᠶᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠪᠥᠬᠦ ᠬᠦᠴᠦᠨ ᠢᠶᠠᠷ ᠥᠷᠨᠢᠭᠦᠯᠵᠦ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠨᠢᠭᠲᠠᠷᠠᠭᠰᠠᠨ ᠲᠠᠯᠠᠪᠤᠷ ᠭᠠᠵᠠᠷ᠂ ᠨᠡᠭᠦᠷᠡᠰᠦᠨ ᠤ ᠪᠤᠰᠤ ᠠᠭᠤᠷᠬᠠᠶ᠂ ᠪᠠᠷᠢᠯᠭ᠎ᠠ ᠶᠢᠨ ᠠᠵᠢᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠦᠨ᠂ ᠡᠯ᠎ᠡ ᠲᠥᠷᠥᠯ ᠤᠨ ᠠᠳᠠᠯ ᠭᠠᠷᠬᠤ ᠶᠢ ᠡᠷᠡᠰ ᠰᠡᠷᠭᠡᠶᠢᠯᠡᠨ᠎ᠡ᠃ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠶᠡᠭᠡ ᠲᠠᠯ᠎ᠠ ᠶᠢ ᠦᠨᠡᠨᠬᠦ ᠬᠠᠮᠠᠭᠠᠯᠠᠨ᠎ᠠ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ