ᠳᠡᠭᠡᠷᠡᠬᠢ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠨᠡ ᠵᠢᠯ ᠪᠢᠳᠡ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ 12 ᠪᠣᠳᠠᠲᠤ ᠶᠠᠪᠤᠳᠠᠯ ᠤᠨ ᠢᠨᠵᠧᠨᠧᠷᠢᠩ ᠣᠨ ᠵᠢᠱᠢᠭᠳᠡᠭᠰᠡᠨ ᠲᠥᠷᠥᠯ | ᠵᠦᠢᠯ ᠢ ᠡᠮᠬᠢᠯᠡᠵᠦ᠂ ᠶᠡᠭᠡ ᠬᠤᠷᠠᠯ ᠤᠨ ᠪᠦᠬᠦ ᠲᠥᠯᠥᠭᠡᠯᠡᠭᠴᠢᠳ ᠲᠤ ᠪᠢᠯᠧᠲ ᠥᠭᠴᠦ ᠲᠣᠭᠲᠠᠭᠠᠯᠭᠠᠬᠤ ᠪᠠᠷ ᠳᠡᠪᠰᠢᠭᠦᠯᠪᠡ᠃ ᠪᠢᠳᠡ ᠢᠮᠠᠭᠲᠠ ᠠᠷᠠᠳ | ᠲᠦᠮᠡᠨ ᠤ ᠠᠰᠢᠭ ᠲᠤᠰᠠ ᠶᠢ ᠴᠢᠬᠤᠯᠠᠴᠢᠯᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠬᠦᠰᠡᠯ ᠡᠷᠡᠮᠡᠯᠵᠡᠯ ᠢᠶᠠᠨ ᠪᠣᠯᠭᠠᠵᠤ᠂ ᠨᠢᠭᠡ ᠵᠢᠯ᠂ ᠨᠢᠭᠡ ᠨᠢᠭᠡ ᠪᠠᠷ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ︽ᠡᠪᠡᠷᠰᠢᠶᠡᠯ ᠴᠡᠭ︾ ᠢ ᠵᠠᠰᠠᠭ ᠶᠠᠪᠤᠭᠤᠯᠬᠤ ︽ | ᠭᠤᠣᠯᠳᠠᠯᠭ᠎ᠠ︾ ᠪᠣᠯᠭᠠᠵᠤ᠂ ︽ᠠᠷᠠᠳ ᠤᠨ ᠠᠮᠢᠳᠤᠷᠠᠯ ᠤᠨ ᠳᠠᠩᠰᠠ︾ ᠶᠢ ︽ᠵᠣᠯ ᠵᠢᠷᠭᠠᠯ ᠤᠨ ᠨᠠᠷᠢᠨ ᠳᠠᠩᠰᠠ︾ ᠪᠣᠯᠭᠠᠵᠤ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠢ ᠨᠠᠩ ᠡᠷᠴᠢᠮ ᠲᠠᠢ ᠪᠣᠯᠭᠠᠵᠤ᠂ ᠠᠷᠤᠨ ᠤ ᠬᠥᠭᠵᠢᠯᠲᠡ ᠶᠢ ᠨᠠᠩ ᠬᠠᠯᠠᠭᠤᠨ ᠳᠤᠯᠠᠭᠠᠨ ᠪᠣᠯᠭᠠᠨ᠎ᠠ︕ | |