ᠠᠷᠤᠨ ᠬᠤᠰᠢᠭᠤᠨ ᠤ 2024 ᠣᠨ ᠤ ᠠᠵᠢᠯ ᠤᠨ ᠲᠣᠬᠢᠷᠠᠭᠤᠯᠤᠯᠲᠠ 11
ᠨᠡᠶᠢᠲᠡᠯᠡᠭᠰᠡᠨ ᠴᠠᠭ᠄
2024/11/6
      ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠨᠢᠭᠡ ᠳᠤ᠂ ᠦᠵᠡᠯ ᠰᠠᠨᠠᠭᠠᠨ ᠤ ᠳᠠᠪᠲᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠦᠳᠦᠯᠥᠨ ᠳᠠᠭᠠᠭᠤᠯᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠢᠭᠡᠳᠦᠭᠡᠷ ᠵᠥᠪᠯᠡᠬᠦ ᠵᠦᠢᠯ︾ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ ᠨᠠᠮ ᠤᠨ ᠠᠯᠢᠪᠠ ᠠᠵᠢᠯ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠡᠷᠡᠰ ᠭᠤᠶᠢᠪᠢᠰᠢ ᠥᠬᠡᠶ ᠪᠠᠷ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠬᠤ ᠬᠡᠷᠡᠭᠵᠢᠭᠦᠯᠦᠭᠴᠢ᠂ ᠪᠣᠳᠠᠲᠠᠶ ᠠᠵᠢᠯᠯᠠᠭᠴᠢ ᠪᠣᠯᠵᠣ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ︽ᠪᠣᠳᠠᠲᠠᠶ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ︾ ᠤ ᠥᠨᠢᠳᠡ ᠶᠢᠨ ᠰᠠᠭᠤᠷᠢ ᠥᠩᠭᠡ ᠪᠣᠯᠭᠠᠨ᠎ᠠ᠃      ᠬᠤᠶᠠᠷ ᠲᠤ᠂ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠪᠠᠷ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠨᠡᠶᠢᠲᠡ ᠣᠯᠠᠨ ᠢᠶᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠨᠤᠲᠠᠯᠠᠬᠤ᠂ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠬᠦ᠂ ᠬᠠᠮᠲᠤ ᠪᠠᠷ ᠶᠠᠷᠢᠯᠴᠠᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠬᠢᠨᠠᠮᠠᠭᠠᠶ ᠭᠦᠢᠴᠡᠳᠭᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠡᠷᠬᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠵᠠᠰᠠᠭ ᠣᠨ ᠣᠷᠳᠣᠨ ᠤ ᠲᠣᠰ ᠪᠡᠶ᠎ᠡ ᠶᠢᠨ ᠠᠵᠢᠯ ᠢᠶᠠᠨ ᠨᠠᠩ ᠰᠠᠶᠢᠨ ᠰᠠᠶᠢᠵᠢᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ︽ᠪᠣᠳᠠᠲᠠᠢ ᠠᠵᠢᠯᠯᠠᠬᠤ ᠬᠡᠯᠪᠡᠷᠢ ᠶᠢᠨ ᠵᠠᠰᠠᠭ ᠣᠨ ᠣᠷᠳᠣᠨ︾ ᠤ ᠦᠨᠳᠦᠰᠦᠨ ᠪᠠᠷᠢᠮᠵᠢᠶ᠎ᠠ ᠪᠣᠯᠭᠠᠨ᠎ᠠ᠃      ᠭᠤᠷᠪᠠ ᠳᠤ  ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠠᠷᠠᠳ ᠤᠨ ᠲᠥᠯᠥᠭᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠡᠩ ᠲᠡᠷᠢᠭᠦᠨ ᠳᠤ ᠴᠤᠤᠷᠢᠶᠠᠲᠤᠨ ᠰᠠᠶᠢᠲᠤᠷ ᠰᠢᠢᠳᠪᠦᠷᠢᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ᠂ ᠵᠠᠰᠠᠭ ᠶᠠᠪᠤᠳᠠᠯ ᠪᠠᠶᠢᠪᠠᠯ ᠬᠠᠷᠢᠭᠤᠯᠲᠠ ᠥᠭᠬᠦ ᠶᠢ ᠡᠷᠡᠰ ᠪᠡᠶᠡᠯᠡᠭᠦᠯᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡ ᠬᠦ ᠴᠢᠬᠤᠯᠠ ᠭᠠᠷᠳᠠᠴᠠ ᠶᠢ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠪᠤᠳᠤᠵᠤ᠂ ᠪᠤᠳᠤᠵᠤ᠂ ᠬᠦᠰᠡᠵᠦ ᠪᠠᠶᠢᠬᠤ ᠶᠢ ᠨᠠᠷᠢᠨ ᠬᠢᠨᠠᠮᠠᠭᠠᠶ ᠣᠶᠢᠯᠠᠭᠠᠵᠤ᠂ ᠢᠮᠠᠭᠲᠠ ᠣᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠵᠤ᠂ ᠠᠵᠢᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠶᠢ ︽ᠪᠣᠳᠠᠲᠠᠶ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ︾ ᠤ ᠦᠨᠳᠦᠰᠦᠨ ᠵᠣᠷᠢᠯᠲᠠ ᠪᠣᠯᠭᠠᠨ᠎ᠠ᠃      ᠲᠦᠷᠪᠡ ᠳᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠪᠠᠷ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠴᠢᠬᠤᠯᠠ ᠶᠡᠭᠡ ᠪᠠᠶᠢᠷᠢᠯᠠᠭᠤᠯᠤᠯᠲᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠰᠢᠢᠳᠪᠦᠷᠢᠯᠡᠬᠦ ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ︽ᠲᠠᠩᠰᠠ ᠲᠤᠰᠢᠶᠠᠬᠤ ᠤᠬᠠᠮᠰᠠᠷ︾ ᠢᠶᠠᠨ ᠴᠢᠩᠭᠠᠳᠬᠠᠵᠤ᠂ ︽ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠪᠠᠶᠢᠷᠢᠯᠠᠭᠤᠯᠬᠤ᠂ ᠰᠢᠮᠳᠠᠭᠤᠯᠤᠨ ᠪᠠᠶᠢᠴᠠᠭᠠᠬᠤ᠂ ᠬᠠᠷᠢᠭᠤ ᠲᠤᠰᠬᠠᠬᠤ︾ ᠠᠵᠢᠯ ᠤᠨ ᠪᠢᠲᠡᠭᠦᠦ ᠭᠤᠭᠴᠤᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠢᠭᠡᠳ ᠨᠢᠭᠡ ᠪᠠᠷ ᠰᠢᠯᠤᠭᠤᠳᠬᠠᠨ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠬᠤ ᠪᠠᠷ ᠦᠭᠡ ᠬᠡᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠭᠰᠡᠨ ᠪᠣᠳᠠᠲᠤ ᠠᠮᠵᠢᠯᠲᠠ ᠪᠠᠷ ᠢᠶᠠᠨ ᠰᠡᠳᠦᠪ ᠲᠤᠰᠢᠶᠠᠵᠤ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠶᠢᠬᠤ ᠶᠢ ︽ᠪᠣᠳᠠᠲᠠᠶ ᠠᠵᠢᠯᠯᠠᠬᠤ᠃      ᠲᠠᠪᠤ ᠳᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠠᠵᠢᠯ ᠶᠠᠪᠤᠳᠠᠯ ᠬᠢᠬᠦ ᠣᠷᠴᠢᠨ ᠲᠣᠭᠤᠷᠢᠨ ᠢ ᠴᠡᠪᠡᠷᠰᠢᠭᠦᠯᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠡᠷᠡᠰ ᠵᠠᠯᠬᠠᠭᠠᠨ ᠰᠢᠢᠳᠬᠡᠬᠦ ᠬᠡᠷᠡᠭᠲᠡᠢ᠃ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠭᠠᠮᠨᠠᠵᠤ ᠠᠮᠢᠳᠤᠷᠠᠬᠤ ᠳᠠᠳᠬᠠᠯ ᠲᠠᠢ ᠪᠠᠶᠢᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠯᠠᠷᠠᠭᠤᠯᠵᠤ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠢᠶᠠᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠦᠨᠡᠨ ᠬᠦ ᠬᠡᠷᠡᠭᠯᠡᠵᠦ᠂ ᠠᠷᠤᠨ ᠴᠢᠬᠡᠴᠢ ᠪᠠᠶᠢᠬᠤ ᠶᠢ ︽ᠪᠣᠳᠠᠲᠠᠢ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ︾ ᠤ ᠤᠯᠤᠰ ᠲᠦᠷᠦ ᠶᠢᠨ ᠤᠤᠷ ᠴᠢᠨᠠᠷ ᠪᠣᠯᠭᠠᠬᠤ ᠬᠡᠷᠡᠭᠲᠡᠢ᠃  
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ