ᠬᠤᠰᠢᠭᠤᠨ ᠤ ᠵᠠᠰᠠᠭ ᠤᠨ ᠣᠷᠳᠣᠨ ᠤᠯᠤᠰ ᠤᠨ ᠴᠠᠬᠢᠯᠭᠠᠨ ᠬᠦᠴᠦᠨ ᠤ ᠮᠧᠩ ᠳ᠋ᠦᠩ ᠰᠢᠨ᠎ᠡ ᠡᠨᠧᠷᠭᠢ ᠶᠢᠨ ᠺᠣᠮᠫᠠᠨᠢ ᠲᠠᠢ ᠵᠥᠪᠳᠡᠪᠡ
ᠨᠡᠶᠢᠲᠡᠯᠡᠭᠰᠡᠨ ᠴᠠᠭ᠄
2024/11/8
    11 ᠰᠠᠷ᠎ᠠ ᠶᠢᠨ 6 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠪᠣᠯᠤᠨ ᠤᠯᠤᠰ ᠤᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠡᠨᠧᠷᠭᠢ ᠶᠢᠨ ᠺᠣᠮᠫᠠᠨᠢ ᠲᠠᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠲᠤᠬᠠᠶ ᠵᠥᠪᠳᠡᠯᠴᠡᠪᠡ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠠᠶᠢᠭᠤᠯᠵᠤ᠂ ᠬᠠᠮᠲᠤᠷᠠᠯᠴᠠᠭᠠᠨ ᠤ ᠰᠢᠨ᠎ᠡ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠠᠩ ᠭᠦᠨ ᠳᠠᠪᠬᠤᠷᠭ᠎ᠠ ᠶᠢᠨ᠂ ᠨᠠᠩ ᠥᠷᠭᠡᠨ ᠬᠦᠷᠢᠶᠡᠨ ᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠰᠢᠨ᠎ᠡ ᠡᠨᠧᠷᠭᠢ ᠶᠢᠨ ᠵᠠᠬ᠎ᠠ ᠳᠡᠯᠭᠡᠭᠦᠷ ᠤᠨ ᠣᠷᠣᠨ ᠵᠠᠶ ᠶᠢ ᠬᠠᠮᠲᠤ ᠪᠠᠷ ᠥᠷᠭᠡᠳᠬᠡᠵᠦ᠂ ᠬᠤᠶᠠᠷ ᠲᠠᠯ᠎ᠠ ᠶᠢᠨ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠣᠷᠣᠨ ᠨᠤᠲᠤᠭ ᠪᠠ ᠠᠵᠤ ᠠᠬᠤᠶᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ ᠽᠦᠩ ᠵᠧ᠂ ᠶᠠᠩ ᠯᠸᠢ ᠣᠷᠣᠯᠴᠠᠪᠠ᠃
1.jpg
    ᠽᠦᠩ ᠵᠧ᠂ ᠠᠷᠤᠨ ᠬᠤᠰᠢᠭᠤᠨ ᠤ ᠦᠵᠡᠮᠵᠢ ᠶᠢᠨ ᠡᠬᠢ ᠪᠠᠶᠠᠯᠢᠭ ᠡᠯᠪᠡᠭ ᠳᠡᠯᠪᠡᠭ᠂ ᠰᠢᠨ᠎ᠡ ᠡᠨᠧᠷᠭᠢ ᠶᠢᠨ ᠠᠵᠤ ᠦᠢᠯᠡᠰ ᠶᠠᠭ ᠲᠦᠷᠭᠡᠨ ᠬᠥᠭᠵᠢᠯᠲᠡ ᠶᠢᠨ ᠱᠠᠲᠤᠨ ᠳᠤ ᠣᠷᠣᠰᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠤᠰᠢᠭᠤᠷᠠᠯ ᠪᠠ ᠢᠷᠡᠭᠡᠳᠦᠶ ᠶᠢᠨ ᠴᠢᠭᠯᠡᠯ ᠢ ᠴᠢᠩᠭ᠎ᠠ ᠠᠩᠬᠠᠷᠴᠤ᠂ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠠᠬᠢᠭᠤᠯᠵᠤ᠂ ᠠᠷᠤᠨ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠬᠦᠴᠦᠲᠡᠶ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ ᠠᠷᠤᠨ ᠬᠤᠰᠢᠭᠤ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠨ᠎ᠠ᠃
2.jpg
    ᠠᠵᠤ ᠠᠬᠤᠶᠢᠯᠠᠯ ᠢᠯᠡᠷᠬᠡᠶᠢᠯᠡᠬᠦ ᠳᠡᠭᠡᠨ᠂ ᠠᠷᠤᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠰᠠᠭᠤᠷᠢ ᠶᠢ ᠮᠠᠰᠢ ᠲᠣᠭᠤᠵᠤ ᠪᠠᠶᠢᠨ᠎ᠠ᠂ ᠪᠠᠯᠠ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ᠂ ᠬᠠᠮᠢᠶᠠᠷᠤᠯᠲᠠ᠂ ᠴᠢᠳᠠᠪᠤᠷᠢᠲᠠᠨ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠰᠢᠨ᠎ᠡ ᠡᠨᠧᠷᠭᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠨᠠᠩ ᠰᠠᠶᠢᠲᠤᠷ ᠳᠡᠮᠵᠢᠵᠦ᠂ ᠨᠠᠩ ᠭᠦᠨᠵᠡᠭᠡᠶ ᠠᠭᠤᠰᠤᠯᠴᠠᠭᠤᠯᠬᠤ ᠪᠣᠯᠤᠨ᠎ᠠ ᠭᠡᠵᠡᠶ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ