ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠦᠳᠲᠡᠷ ᠲᠦᠷᠭᠡᠨ ᠬᠥᠭᠵᠢᠵᠦ᠂ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠬᠴᠢ ᠶᠢᠨ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠰᠤᠷᠭᠠᠨ ᠬᠥᠮᠦᠵᠢᠯ ᠤᠨ | ᠶᠠᠮᠤᠨ ᠤ ᠬᠠᠮᠢᠶ᠎ᠠ ᠪᠦᠬᠦᠢ ᠪᠦᠷᠢᠳᠬᠡᠯ ᠢ ᠦᠨᠳᠦᠰᠦᠯᠡᠪᠡᠯ᠂ 2023 ᠣᠨ ᠳᠤ ᠮᠠᠨ ᠤ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠬᠴᠢ ᠶᠢᠨ ᠲᠤᠭ᠎ᠠ 2.91 ᠳ᠋ᠦᠩᠰᠢᠭᠤᠷ ᠲᠤ ᠬᠦᠷᠴᠡᠢ᠃ ᠡᠶᠢᠮᠦ ᠶᠡᠭᠡ ᠬᠡᠪᠴᠢᠶᠡᠨ ᠤ | ᠰᠤᠷᠤᠬᠴᠢ ᠶᠢᠨ ᠪᠠᠶᠢᠳᠠᠯ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠡᠷᠬᠢᠨ ᠪᠦᠲᠦᠮᠵᠢᠲᠡᠶ ᠬᠠᠮᠠᠭᠠᠯᠠᠬᠤ ᠳᠤ ᠴᠢᠬᠤᠯᠠ ᠶᠡᠭᠡ ᠰᠢᠯᠭᠠᠯᠲᠠ | ᠠᠪᠴᠢᠷᠠᠵᠠᠢ᠃ ᠣᠶᠢᠷ᠎ᠠ ᠶᠢᠨ ᠵᠢᠯ ᠳᠤ ᠤᠯᠤᠰ ᠠᠴᠠ ᠰᠤᠷᠤᠬᠴᠢ ᠶᠢᠨ ᠲᠡᠷᠭᠡ ᠶᠢᠨ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ ᠵᠡᠷᠭᠡ ᠤᠯᠠᠮᠵᠢᠯᠠᠯᠲᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠠᠰᠠᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠬᠤ ᠶᠢ ᠳᠠᠭᠠᠯᠳᠤᠨ ᠭᠠᠯ ᠲᠦᠢᠮᠡᠷ ᠤᠨ ᠠᠳᠡᠯ᠂ | ᠵᠠᠮ ᠬᠠᠷᠢᠯᠴᠠᠭᠠᠨ ᠤ ᠠᠳᠡᠯ ᠵᠡᠷᠭᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠷᠡᠭ ᠢᠯᠡᠳᠲᠡ ᠪᠠᠭᠠᠰᠤᠭᠰᠠᠨ ᠪᠤᠯᠪᠠᠴᠣ ᠰᠤᠷᠭᠠᠭᠤᠯᠢ ᠶᠢᠨ ᠬᠦᠷᠢᠶᠡᠨ ᠤ | ᠳᠣᠷᠣᠮᠵᠢᠯᠠᠯ ᠵᠡᠷᠭᠡ ᠨᠢᠭᠤᠴᠠᠬᠠᠢ ᠳᠠᠯᠳᠠ ᠴᠢᠨᠠᠷ ᠲᠠᠢ ᠬᠡᠷᠡᠭ ᠣᠯᠠᠨ ᠡᠭᠦᠰᠬᠦ ᠪᠣᠯᠵᠠᠢ᠃ | ᠠᠯᠳᠠᠷᠲᠤ ᠰᠤᠷᠭᠠᠨ ᠬᠥᠮᠥᠵᠢᠯᠲᠡᠨ ᠳ᠋ᠦ᠋ ᠸᠧᠢ ᠶᠢᠨ ᠦᠵᠡᠬᠦ ᠪᠠᠷ ᠰᠤᠷᠭᠠᠭᠤᠯᠢ ᠪᠣᠯ ᠳᠠᠷᠤᠢ ᠨᠡᠶᠢᠭᠡᠮ ᠪᠣᠯᠣᠨ᠎ᠠ᠃ ᠬᠡᠳᠦ᠋ᠢᠪᠡᠷ ᠰᠤᠷᠤᠬᠴᠢᠳ ᠪᠣᠯ ᠦᠰᠦᠨ | ᠪᠤᠶᠢᠵᠢᠬᠤ ᠱᠠᠲᠤᠨ ᠳᠤ ᠪᠠᠶᠢᠭ᠎ᠠ ᠬᠥᠮᠦᠵᠢᠯ ᠬᠦᠷᠲᠡᠵᠦ ᠪᠠᠶᠢᠭ᠎ᠠ ᠪᠣᠳᠠᠭᠠᠯᠢ ᠪᠡᠶ᠎ᠡ ᠪᠤᠯᠪᠠᠴᠤ ᠳᠡᠳᠡ ᠪᠠᠰᠠ ᠣᠨᠴᠠᠭᠠᠢ ᠨᠡᠶᠢᠭᠡᠮ ᠤᠨ ᠠᠮᠢᠳᠤᠷᠠᠯ ᠲᠠᠢ ᠪᠠᠶᠢᠳᠠᠭ᠃ | ᠥᠭᠡᠷ᠎ᠡ ᠪᠠᠷ ᠬᠡᠯᠡᠪᠡᠯ ᠰᠤᠷᠤᠬᠴᠢᠳ ᠰᠤᠷᠭᠠᠭᠤᠯᠢ ᠳᠤ ᠡᠷᠳᠡᠮ ᠰᠢᠨᠵᠢᠯᠡᠭᠡᠨ ᠤ ᠠᠮᠢᠳᠤᠷᠠᠯ ᠲᠠᠢ ᠮᠥᠷᠲᠡᠭᠡᠨ ᠪᠠᠰᠠ ᠨᠡᠶᠢᠭᠡᠮ ᠤᠨ ᠠᠮᠢᠳᠤᠷᠠᠯ ᠲᠠᠢ᠃ ᠬᠥᠮᠥᠰ ᠤᠨ | ᠬᠤᠭᠤᠷᠣᠨᠳᠣᠭᠢ ᠬᠠᠷᠢᠯᠴᠠᠭ᠎ᠠ ᠶᠠᠪᠤᠯᠴᠠᠭ᠎ᠠ ᠨᠢ ᠮᠠᠰᠢ ᠪᠤᠳᠤᠯᠢᠶᠠᠨᠲᠠᠢ᠂ ᠦᠰᠦᠨ ᠪᠤᠶᠢᠵᠢᠵᠤ ᠪᠠᠶᠢᠭ᠎ᠠ ᠰᠤᠷᠤᠬᠴᠢᠳ ᠲᠤ ᠠᠪᠴᠤ ᠬᠡᠯᠡᠪᠡᠯ ᠬᠥᠮᠥᠰ ᠤᠨ | ᠬᠤᠭᠤᠷᠣᠨᠳᠣᠭᠢ ᠬᠠᠷᠢᠴᠠᠭ᠎ᠠ ᠶᠢ ᠰᠢᠢᠳᠪᠦᠷᠢᠯᠡᠬᠦ ᠳᠤ ᠵᠥᠷᠢᠴᠡᠯ ᠭᠠᠷᠬᠤ ᠨᠢ ᠵᠠᠶᠢᠯᠠᠰᠢ ᠦᠭᠡᠢ᠃ ᠡᠶᠢᠮᠦ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ ᠴᠢᠳᠠᠬᠤ | ᠦᠭᠡᠢ ᠦᠶ᠎ᠡ ᠳᠤ ᠤᠨᠴᠠᠭᠠᠢ ᠪᠠᠶᠢᠳᠠᠯ ᠭᠠᠷᠬᠤ ᠪᠣᠯᠣᠨ᠎ᠠ᠂ ᠳᠣᠷᠣᠮᠵᠢᠯᠠᠯ ᠨᠢ ᠳᠠᠷᠤᠢ ᠡᠭᠦᠨ ᠤ ᠳᠣᠲᠣᠷᠠᠬᠢ ᠨᠡᠯᠢᠶᠡᠳ ᠨᠡᠶᠢᠲᠡᠯᠢᠭ ᠬᠡᠷᠡᠭ ᠪᠣᠯᠣᠨ᠎ᠠ᠃ | ᠶᠡᠭᠡ ᠳᠡᠭᠡᠳᠦ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠤᠨ ᠡᠭᠦᠰᠴᠦ ᠪᠠᠶᠢᠭ᠎ᠠ ᠨᠢ ᠰᠣᠷᠣᠬᠴᠢ ᠶᠢᠨ ᠬᠤᠪᠢ ᠬᠥᠮᠥᠨ ᠤ | ᠬᠡᠪ ᠪᠣᠯᠪᠠᠰᠤᠷᠠᠯ ᠤᠨ ᠥᠨᠳᠥᠷ ᠳᠣᠣᠷ᠎ᠠ ᠶᠢ ᠰᠢᠭᠤᠳ ᠲᠤᠰᠬᠠᠵᠤ ᠪᠠᠶᠢᠬᠤ ᠪᠠᠷ ᠪᠠᠷᠠᠬᠤ ᠦᠭᠡᠢ ᠪᠠᠰᠠ ᠰᠣᠷᠣᠬᠴᠢ ᠶᠢᠨ ᠰᠡᠳᠬᠢᠴᠡ ᠶᠢᠨ ᠬᠥᠭᠵᠢᠯᠲᠡ | ᠲᠡᠩᠴᠡᠭᠦᠷᠢ ᠪᠠᠨ ᠠᠯᠳᠠᠭᠰᠠᠨ ᠢ ᠳᠠᠮ ᠢᠶᠠᠷ ᠢᠯᠡᠷᠡᠭᠦᠯᠵᠦ ᠪᠤᠢ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ ᠰᠤᠷᠤᠬᠴᠢᠳ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠮᠣᠷᠠᠯ ᠤᠨ ᠵᠢᠷᠤᠮᠵᠢᠯ ᠢ | ᠵᠢᠷᠤᠮᠯᠠᠬᠤ᠂ ᠬᠥᠮᠥᠨ ᠴᠢᠨᠠᠷ ᠪᠠ ᠢᠳᠡᠪᠬᠢᠲᠡᠢ ᠰᠡᠳᠬᠢᠴᠡ ᠶᠢᠨ ᠬᠡᠪ ᠴᠢᠨᠠᠷ ᠢ ᠬᠥᠮᠥᠵᠢᠭᠦᠯᠬᠦ ᠶᠢᠨ ᠵᠠᠩᠭᠢᠯᠠᠭ᠎ᠠ ᠪᠣᠯᠣᠨ᠎ᠠ᠃ ᠡᠶᠢᠮᠦ ᠠᠴᠠ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠬᠤ ᠶᠢᠨ ᠬᠠᠮᠲᠤ ᠲᠡᠭᠦᠨ ᠤ ᠰᠠᠭᠤᠷᠢ ᠶᠢᠨ ᠦᠢᠯᠡᠳᠦᠯ᠂ ᠤᠳᠤᠷᠢᠳᠤᠮᠵᠢ ᠶᠢᠨ ᠦᠢᠯᠡᠳᠦᠯ᠂ | ᠬᠥᠮᠥᠨ ᠬᠥᠮᠥᠵᠢᠭᠦᠯᠬᠦ ᠦᠢᠯᠡᠳᠦᠯ᠂ ᠲᠣᠬᠢᠷᠠᠭᠤᠯᠬᠤ ᠦᠢᠯᠡᠳᠦᠯ ᠢ ᠭᠦᠢᠴᠡᠳ ᠬᠥᠭᠵᠢᠭᠡᠬᠦ ᠨᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ | ᠡᠭᠦᠰᠬᠦ ᠶᠢ ᠡᠬᠢ ᠡᠭᠦᠰᠦᠯ ᠠᠴᠠ ᠨᠢ ᠪᠦᠲᠦᠮᠵᠢᠲᠡᠶ ᠪᠠᠭᠠᠰᠬᠠᠬᠤ ᠪᠠ ᠰᠡᠷᠭᠡᠶᠢᠯᠡᠵᠦ ᠪᠣᠯᠣᠨ᠎ᠠ᠃ | ᠨᠢᠭᠡ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠰᠤᠷᠤᠬᠴᠢᠳ ᠢ ᠬᠠᠪᠰᠤᠷᠤᠨ ᠵᠥᠪ ᠥᠷᠲᠡᠭ ᠤᠨ ᠦᠵᠡᠯᠲᠡ ᠲᠠᠢ ᠪᠤᠯᠭᠠᠵᠤ᠂ | ᠳᠣᠷᠣᠮᠵᠢᠯᠠᠯ ᠤᠨ ᠠᠵᠢᠯᠯᠠᠭ᠎ᠠ ᠶᠢ ᠰᠡᠷᠭᠡᠶᠢᠯᠡᠵᠦ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ | ᠡᠭᠦᠰᠬᠦ ᠨᠢ ᠶᠡᠷᠦᠳᠡᠭᠡᠨ ᠰᠤᠷᠤᠬᠴᠢᠳ ᠤᠨ ᠲᠣᠰ ᠪᠡᠶ᠎ᠡ ᠶᠢᠨ ᠣᠨᠣᠯ ᠤᠨ ᠰᠠᠭᠤᠷᠢ ᠨᠢᠮᠭᠡᠨ᠂ ᠶᠣᠰᠣ ᠮᠣᠷᠠᠯ ᠤᠨ ᠦᠵᠡᠯᠲᠡ᠂ ᠬᠠᠤᠯᠢ ᠳᠦᠷᠢᠮ ᠤᠨ ᠦᠵᠡᠯᠲᠡ | ᠰᠤᠯᠠ ᠪᠠᠶᠢᠬᠤ᠂ ᠭᠡᠷ ᠪᠦᠯᠢ᠂ ᠰᠤᠷᠭᠠᠭᠤᠯᠢ ᠬᠢᠭᠡᠳ ᠨᠡᠶᠢᠭᠡᠮ ᠠᠴᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠶᠠᠪᠤᠴᠠ ᠳᠤ ᠵᠢᠭᠠᠨ ᠰᠤᠷᠭᠠᠯᠲᠠ ᠶᠢᠨ ᠶᠠᠰᠤ | ᠴᠢᠨᠠᠷ ᠢ ᠴᠢᠬᠤᠯᠠᠴᠢᠯᠠᠬᠤ ᠠᠴᠠ ᠪᠢᠰᠢ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠴᠢᠬᠤᠯᠠᠴᠢᠯᠠᠬᠤ ᠦᠭᠡᠢ ᠵᠡᠷᠭᠡ ᠲᠠᠢ ᠰᠢᠭᠤᠳ ᠬᠤᠯᠪᠤᠭ᠎ᠠ ᠲᠠᠢ᠃ ᠦᠵᠡᠯ ᠰᠠᠨᠠᠭ᠎ᠠ | ᠤᠯᠤᠰ ᠲᠥᠷᠥ ᠶᠢᠨ ᠬᠥᠮᠦᠵᠢᠯ ᠢᠶᠠᠷ ᠳᠠᠮᠵᠢᠨ ᠰᠤᠷᠤᠬᠴᠢᠳ ᠥᠪᠡᠷ ᠢ ᠪᠠᠨ ᠨᠠᠩ ᠰᠠᠶᠢᠨ ᠲᠠᠨᠢᠵᠤ᠂ ᠨᠡᠶᠢᠭᠡᠮ ᠢ ᠨᠠᠩ ᠰᠠᠶᠢᠨ ᠲᠠᠨᠢᠵᠤ᠂ ᠥᠪᠡᠷ ᠤᠨ | ᠬᠠᠷᠢᠭᠤᠴᠠᠯᠭ᠎ᠠ ᠪᠠ ᠡᠭᠦᠷᠭᠡ ᠪᠠᠨ ᠲᠣᠳᠣᠷᠬᠠᠶᠢᠯᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠵᠤ᠂ ᠡᠭᠦᠨ ᠤ ᠤᠯᠠᠮ ᠠᠴᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠪᠤᠶᠤ | ᠪᠠᠭᠠᠰᠬᠠᠵᠤ ᠴᠢᠳᠠᠨ᠎ᠠ᠃ | ᠬᠤᠶᠠᠷ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠰᠤᠷᠤᠬᠴᠢᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠦᠶ᠋ᠯᠡ | ᠠᠵᠢᠯᠯᠠᠭ᠎ᠠ ᠶᠢᠨ ᠵᠠᠭᠠᠭ ᠢ ᠲᠣᠳᠣᠷᠬᠠᠶᠢᠯᠠᠵᠤ ᠪᠣᠯᠣᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠳᠠᠬᠢ ︽ᠶᠣᠰᠣ ᠮᠣᠷᠠᠯ ᠤᠨ ᠬᠥᠮᠦᠵᠢᠯ︾ ᠪᠠ ︽ | ᠬᠠᠤᠯᠢ ᠪᠠᠷ ᠵᠠᠰᠠᠬᠤ ᠬᠥᠮᠦᠵᠢᠯ︾ ᠪᠣᠯ ᠢᠵᠢᠯ ᠴᠢᠨᠠᠷᠲᠠᠢ ᠪᠥᠭᠡᠳ ᠬᠤᠶᠠᠭᠤᠯᠠ ᠪᠠᠨ ᠬᠠᠷᠢᠯᠴᠠᠨ ᠠᠬᠢᠭᠤᠯᠵᠤ᠂ ᠬᠠᠷᠢᠯᠴᠠᠨ ᠤᠷᠢᠲᠠᠯ ᠪᠣᠯᠭᠠᠳᠠᠭ᠃ ᠦᠵᠡᠯ | ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠤᠯᠠᠮᠵᠢᠯᠠᠬᠤ ᠬᠠᠤᠯᠢ ᠴᠠᠭᠠᠵᠠ ᠶᠢᠨ ᠮᠡᠳᠡᠯᠭᠡ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠪᠠ ᠬᠠᠤᠯᠢ ᠪᠠᠷ ᠵᠠᠰᠠᠬᠤ | ᠵᠣᠷᠢᠭ ᠰᠠᠨᠠᠭ᠎ᠠ ᠨᠢ ᠰᠤᠷᠤᠬᠴᠢᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠲᠡᠳᠡᠨ ᠢ ᠬᠠᠪᠰᠤᠷᠤᠨ ᠬᠠᠤᠯᠢ ᠴᠠᠭᠠᠵᠠ ᠶᠢᠨ ᠵᠥᠪ ᠤᠬᠠᠮᠰᠠᠷ ᠢ ᠪᠤᠢ | ᠪᠤᠯᠭᠠᠵᠤ ᠪᠣᠯᠣᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠳᠤᠮᠳᠠ ᠰᠤᠷᠤᠬᠴᠢᠳ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠬᠤ ᠪᠠᠷ ᠪᠠᠷᠠᠬᠤ | ᠦᠭᠡᠢ ᠪᠠᠰᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠦᠢᠯᠡᠳᠦᠯᠭᠡ ᠶᠢᠨ ᠠᠵᠢᠯᠯᠠᠭ᠎ᠠ ᠵᠡᠷᠭᠡ ᠠᠷᠭ᠎ᠠ ᠭᠡᠯᠪᠡᠷᠢ ᠪᠠᠷ ᠳᠠᠮᠵᠢᠨ᠂ ᠬᠠᠤᠯᠢ ᠪᠠᠷ ᠵᠠᠰᠠᠬᠤ ᠶᠢᠨ ᠮᠥᠨ | ᠴᠢᠨᠠᠷ ᠪᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠠᠮᠠᠷ ᠦᠶ᠋ᠯᠡ ᠠᠵᠢᠯᠯᠠᠭ᠎ᠠ ᠨᠢ ᠬᠠᠤᠯᠢ ᠠᠴᠠ ᠵᠥᠷᠢᠴᠡᠬᠦ᠂ ᠶᠠᠮᠠᠷ ᠦᠶ᠋ᠯᠡ ᠠᠵᠢᠯᠯᠠᠭ᠎ᠠ ᠨᠢ ᠶᠣᠰᠣ | ᠮᠣᠷᠠᠯ ᠤᠨ ᠵᠢᠮᠡᠯᠡᠯ ᠢ ᠣᠯᠬᠤ ᠶᠢ ᠲᠣᠳᠣᠷᠬᠠᠢ ᠮᠡᠳᠡᠵᠦ ᠴᠢᠳᠠᠨ᠎ᠠ᠂ ᠡᠨᠡ ᠬᠦ ᠲᠣᠳᠣᠷᠬᠠᠢ ᠵᠠᠭᠠᠭ ᠨᠢ ᠰᠤᠷᠤᠬᠴᠢᠳ ᠤᠨ ᠡᠳᠦᠷ ᠲᠤᠲᠤᠮ ᠤᠨ ᠠᠮᠢᠳᠤᠷᠠᠯ ᠳᠤᠮᠳᠠ | ᠪᠠᠨ ᠥᠪᠡᠷ ᠤᠨ ᠦᠶ᠋ᠯᠡ ᠠᠵᠢᠯᠯᠠᠭ᠎ᠠ ᠪᠠᠨ ᠵᠢᠷᠤᠮᠵᠢᠭᠤᠯᠬᠤ ᠳᠤ ᠠᠰᠢᠭᠲᠠᠢ ᠪᠠᠶᠢᠵᠤ᠂ ᠬᠠᠤᠯᠢ ᠴᠠᠭᠠᠵᠠ ᠪᠤᠶᠤ ᠶᠣᠰᠣ ᠮᠣᠷᠠᠯ ᠤᠨ ᠬᠤᠷᠢᠭ᠎ᠠ ᠱᠤᠭᠤᠮ ᠳᠤ | ᠬᠠᠯᠳᠠᠬᠤ ᠠᠴᠠ ᠵᠠᠶᠢᠯᠠᠰᠬᠢᠵᠦ᠂ ᠡᠭᠦᠨ ᠤ ᠤᠯᠠᠮ ᠠᠴᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ | ᠃ | ᠭᠤᠷᠪᠠ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠰᠤᠷᠤᠬᠴᠢᠳ ᠲᠤ ᠰᠡᠳᠬᠢᠴᠡ ᠶᠢᠨ ᠵᠢᠯᠣᠭᠤᠳᠤᠯᠭ᠎ᠠ ᠬᠠᠩᠭᠠᠵᠤ᠂ ᠨᠠᠵᠠᠭᠠᠢ ᠰᠡᠳᠬᠢᠯᠭᠡ ᠶᠢ | ᠨᠠᠮᠳᠠᠭᠤᠯᠤᠨ᠎ᠠ᠃ ᠰᠤᠷᠤᠬᠴᠢᠳ ᠲᠤ ᠠᠪᠴᠤ ᠬᠡᠯᠡᠪᠡᠯ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠰᠡᠳᠬᠢᠴᠡ ᠶᠢᠨ ᠵᠢᠯᠣᠭᠤᠳᠤᠯᠭ᠎ᠠ ᠬᠠᠩᠭᠠᠬᠤ ᠶᠢᠨ | ᠤᠯᠠᠮ ᠠᠴᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠢ ᠪᠠᠭᠠᠰᠬᠠᠬᠤ ᠲᠠᠯ᠎ᠠ ᠪᠠᠷ ᠴᠤ ᠠᠳᠠᠯᠢᠬᠠᠨ ᠴᠢᠬᠤᠯᠠ ᠦᠢᠯᠡᠳᠦᠯ ᠦᠵᠡᠭᠦᠯᠳᠡᠭ᠃ ᠦᠵᠡᠯ | ᠰᠠᠨᠠᠭ᠎ᠠ ᠤᠯᠤᠰ ᠲᠦᠷᠦ ᠶᠢᠨ ᠬᠥᠮᠦᠵᠢᠯ ᠨᠢ ᠰᠤᠷᠤᠬᠴᠢᠳ ᠤᠨ ᠤᠯᠤᠰ ᠲᠦᠷᠦ ᠶᠢᠨ ᠬᠡᠪ ᠴᠢᠨᠠᠷ ᠪᠠ ᠶᠣᠰᠣ ᠮᠣᠷᠠᠯ ᠵᠠᠩ ᠴᠢᠨᠠᠷ ᠤᠨ ᠬᠥᠮᠦᠵᠢᠯ ᠢ ᠠᠩᠬᠠᠷᠬᠤ ᠪᠠᠷ | ᠪᠠᠷᠠᠬᠤ ᠦᠭᠡᠢ ᠪᠠᠰᠠ ᠰᠤᠷᠤᠬᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠴᠢᠬᠤᠯᠠᠴᠢᠯᠠᠳᠠᠭ᠃ | ᠳᠥᠷᠪᠡ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠵᠥᠪ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠴᠤ᠂ ᠡᠶ᠎ᠡ ᠵᠣᠬᠢᠴᠠᠯ ᠲᠠᠢ ᠠᠭᠤᠷ | ᠠᠮᠢᠰᠬᠤᠯ ᠢ ᠪᠤᠶ ᠪᠣᠯᠭᠠᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠪᠠᠰᠠ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ | ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠴᠤ᠂ ᠡᠶ᠎ᠡ ᠵᠣᠬᠢᠴᠠᠯ ᠲᠠᠢ᠂ ᠨᠥᠭᠦᠷᠰᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠤᠶ | ᠪᠤᠯᠭᠠᠬᠤ ᠶᠢᠨ ᠤᠯᠠᠮ ᠠᠴᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠡᠭᠦᠰᠬᠦ ᠶᠢ ᠰᠡᠷᠭᠡᠶᠢᠯᠡᠬᠦ ᠳᠤ ᠠᠰᠢᠭᠲᠠᠢ᠃ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠨᠢ ᠵᠥᠷᠢᠶ᠎ᠡ ᠶᠢ ᠬᠦᠨᠳᠦᠳᠬᠡᠬᠦ᠂ ᠣᠯᠠᠨ ᠶᠠᠩᠵᠤᠲᠤ ᠭᠡᠯᠪᠡᠷᠢ ᠶᠢ ᠪᠠᠭᠲᠠᠭᠠᠬᠤ ᠶᠢ ᠴᠢᠬᠤᠯᠠᠴᠢᠯᠠᠵᠤ᠂ ᠰᠤᠷᠤᠬᠴᠢᠳ ᠤᠨ ᠬᠠᠷᠢᠯᠴᠠᠨ | ᠣᠶᠢᠯᠠᠭᠠᠯᠴᠠᠵᠤ᠂ ᠬᠠᠷᠢᠯᠴᠠᠨ ᠬᠦᠨᠳᠦᠳᠬᠡᠬᠦ ᠶᠢ ᠵᠣᠷᠢᠭᠵᠢᠭᠤᠯᠤᠨ᠂ ᠡᠶ᠎ᠡ ᠵᠣᠬᠢᠴᠠᠯ ᠲᠠᠢ᠂ ᠨᠥᠭᠦᠷᠰᠡᠭ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠤᠶ | ᠪᠣᠯᠭᠠᠨ᠎ᠠ᠃ ᠡᠭᠦᠨ ᠤ ᠬᠠᠮᠲᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠳᠠᠬᠢ ᠪᠦᠯᠭᠦᠮ ᠨᠡᠶᠢᠲᠡ ᠶᠢᠨ ᠵᠣᠬᠢᠶᠠᠨ | ᠪᠠᠶᠢᠭᠤᠯᠤᠯᠲᠠ᠂ ᠬᠠᠮᠲᠤ ᠶᠢᠨ ᠠᠵᠢᠯᠯᠠᠭ᠎ᠠ ᠵᠡᠷᠭᠡ ᠭᠡᠯᠪᠡᠷᠢ ᠨᠢ ᠪᠠᠰᠠ ᠰᠤᠷᠤᠬᠴᠢᠳ ᠤᠨ ᠬᠠᠮᠲᠤ ᠶᠢᠨ ᠤᠬᠠᠮᠰᠠᠷ ᠪᠠ ᠬᠠᠷᠢᠶᠠᠯᠠᠭᠳᠠᠬᠤ ᠲᠥᠷᠥᠭᠳᠡᠯ ᠢ | ᠴᠢᠩᠭᠠᠳᠬᠠᠵᠤ᠂ ᠠᠩᠭᠢ᠂ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠳᠣᠲᠣᠭᠠᠳᠤ ᠶᠢᠨ ᠡᠶ᠎ᠡ ᠵᠣᠬᠢᠴᠠᠯ ᠪᠠ ᠪᠦᠯᠬᠦᠮᠳᠡᠯ ᠢ ᠠᠬᠢᠭᠤᠯᠬᠤ ᠳᠤ ᠠᠰᠢᠭᠲᠠᠢ᠃ | ᠳᠤᠷᠠᠳᠤᠭᠤᠰᠢᠲᠠᠢ ᠨᠢ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠪᠠᠰᠠ ᠰᠤᠷᠤᠬᠴᠢᠳ ᠤᠨ ᠠᠰᠠᠭᠤᠳᠠᠯ ᠢ ᠬᠤᠪᠢᠰᠤᠩᠭᠤᠢ ᠪᠠᠷ ᠦᠵᠡᠵᠦ ᠰᠤᠷᠬᠤ ᠳᠤ | ᠠᠰᠢᠭᠲᠠᠢ ᠪᠠᠶᠢᠵᠤ᠂ ᠰᠣᠬᠤᠷ ᠪᠠᠯᠠᠢ ᠪᠠᠷ ᠳᠠᠭᠠᠬᠤ ᠦᠭᠡᠢ᠂ ᠣᠶᠤᠨᠴᠢ ᠪᠠᠷ ᠵᠠᠳᠠᠯᠬᠤ ᠶᠢᠨ ᠬᠠᠮᠲᠤ ᠥᠪᠡᠷ ᠤᠨ ᠦᠵᠡᠯᠲᠡ ᠪᠠᠨ ᠢᠯᠡᠳᠬᠡᠵᠦ᠂ ᠡᠷᠡᠭᠦᠯ ᠪᠥᠭᠡᠳ | ᠣᠶᠤᠨᠴᠢ ᠶᠠᠷᠢᠶ᠎ᠠ ᠬᠡᠯᠡᠯᠴᠡᠭᠡᠨ ᠤ ᠣᠷᠴᠢᠨ ᠢ ᠪᠤᠶ ᠪᠤᠯᠭᠠᠵᠤ ᠴᠢᠳᠠᠨ᠎ᠠ᠃ | ᠲᠠᠪᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠶᠡᠭᠡ ᠳᠡᠭᠡᠳᠦ ᠰᠤᠷᠭᠠᠭᠤᠯᠢ ᠶᠢᠨ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ ᠪᠣᠯᠣᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠨᠢ ᠪᠠᠰᠠ ᠰᠤᠷᠭᠠᠭᠤᠯᠢ ᠶᠢᠨ ᠬᠦᠷᠢᠶᠡᠨ ᠤ | ᠳᠣᠷᠣᠮᠵᠢᠯᠠᠯ ᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤᠷᠠᠯᠴᠠᠭ᠎ᠠ ᠶᠢ ᠴᠢᠩᠭᠠᠳᠬᠠᠨ᠂ | ᠰᠤᠷᠤᠬᠴᠢᠳ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠢ ᠰᠡᠷᠭᠡᠶᠢᠯᠡᠬᠦ ᠪᠠ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠠᠰᠢᠭᠲᠠᠢ᠃ | ᠵᠢᠱᠢᠶᠡᠯᠡᠪᠡᠯ ᠬᠠᠪᠰᠤᠷᠤᠨ ᠲᠡᠳᠬᠦᠬᠦ ᠲᠣᠭᠲᠠᠴᠠ ᠪᠠᠶᠢᠭᠤᠯᠬᠤ ᠪᠠᠷ ᠳᠠᠮᠵᠢᠨ ᠣᠨᠴᠠᠭᠠᠢ ᠰᠤᠷᠤᠬᠴᠢᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ | ᠭᠤᠣᠯᠳᠠᠯᠭ᠎ᠠ ᠲᠠᠢ ᠠᠩᠬᠠᠷᠴᠤ᠂ ᠲᠡᠳᠡᠨ ᠤ ᠠᠮᠢᠳᠤᠷᠠᠯ ᠤᠨ ᠪᠠᠶᠢᠳᠠᠯ᠂ ᠦᠵᠡᠯ ᠰᠠᠨᠠᠭᠠᠨ ᠤ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠡᠳᠦᠷ ᠲᠤᠲᠤᠮ ᠤᠨ | ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠠᠮᠢᠶᠠᠷᠤᠨ᠂ | ᠳᠣᠷᠣᠮᠵᠢᠯᠠᠬᠤ ᠪᠣᠯᠣᠮᠵᠢᠲᠠᠢ ᠦᠶ᠋ᠯᠡ ᠠᠵᠢᠯᠯᠠᠭ᠎ᠠ ᠶᠢ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠡᠵᠡᠮᠳᠡᠨ᠎ᠡ᠃ ᠪᠠᠰᠠ ᠵᠢᠱᠢᠶᠡᠯᠡᠪᠡᠯ ᠳᠣᠷᠣᠮᠵᠢᠯᠠᠯ ᠢ | ᠵᠠᠰᠠᠬᠤ ᠬᠥᠮᠥᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ ᠪᠠ ᠮᠡᠷᠭᠡᠵᠢᠯ ᠤᠨ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ ᠪᠠᠷ ᠳᠠᠮᠵᠢᠨ ᠭᠡᠷ | ᠪᠦᠯᠢ᠂ ᠰᠤᠷᠭᠠᠭᠤᠯᠢ᠂ ᠵᠠᠰᠠᠭ ᠤᠨ ᠣᠷᠳᠣᠨ ᠪᠠ ᠨᠡᠶᠢᠭᠡᠮ ᠠᠴᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠳᠤᠮᠳᠠ | ᠬᠠᠮᠲᠤ ᠶᠢᠨ ᠲᠠᠨᠢᠯᠲᠠ ᠪᠠ ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠷᠲᠤ ᠬᠤᠭᠤᠴᠠᠭᠠᠲᠤ ᠴᠢᠨᠠᠷ ᠲᠠᠢ᠂ ᠲᠣᠭᠲᠠᠪᠤᠷᠢᠲᠤ ᠴᠢᠨᠠᠷ ᠲᠠᠢ ᠪᠠ ᠬᠢᠵᠠᠭᠠᠷᠯᠠᠬᠤ | ᠬᠦᠴᠦᠨ ᠲᠠᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠤᠷᠭᠠᠭᠤᠯᠢ ᠶᠢᠨ | ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠬᠦᠴᠦᠯᠡᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ | ᠳᠣᠷᠣᠮᠵᠢᠯᠠᠯ ᠢ ᠰᠡᠷᠭᠡᠶᠢᠯᠡᠨ ᠡᠵᠡᠮᠳᠡᠬᠦ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠳᠠᠪᠲᠠᠨ ᠪᠠᠶᠢᠴᠠᠭᠠᠬᠤ ᠪᠠ ᠰᠤᠷᠤᠬᠴᠢᠳ ᠤᠨ ᠭᠤᠮᠣᠳᠠᠯ ᠲᠣᠭᠠᠴᠢᠬᠤ | ᠲᠣᠭᠲᠠᠴᠠ ᠶᠢ ᠲᠡᠭᠦᠯᠳᠡᠷᠵᠢᠭᠦᠯᠦᠨ᠂ ᠣᠨᠣᠯ ᠤᠨ ᠵᠡᠪᠰᠡᠭᠯᠡᠯ ᠢ ᠭᠦᠨᠵᠡᠭᠡᠶᠢᠷᠡᠭᠦᠯᠬᠦ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠪᠣᠳᠠᠲᠠᠢ ᠠᠳᠬᠤᠬᠤ᠂ | ᠦᠵᠡᠯ ᠰᠠᠨᠠᠭᠠᠨ ᠤ ᠤᠬᠠᠭᠤᠯᠭ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠭᠦ ᠵᠡᠷᠭᠡ ᠠᠷᠭ᠎ᠠ ᠭᠡᠯᠪᠡᠷᠢ ᠪᠠᠷ | ᠰᠤᠷᠤᠬᠴᠢᠳ᠂ ᠭᠡᠷ ᠤᠨ ᠠᠬᠠᠮᠠᠳ᠂ ᠪᠠᠭᠰᠢ᠂ ᠨᠡᠶᠢᠭᠡᠮ ᠠᠴᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠠᠵᠢᠯ ᠳᠤ ᠢᠳᠡᠪᠬᠢᠲᠡᠢ | ᠣᠷᠤᠯᠴᠠᠬᠤ ᠶᠢ ᠬᠥᠲᠥᠯᠥᠨ ᠵᠢᠯᠤᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠶᠢ ᠠᠬᠢᠭᠤᠯᠵᠤ᠂ ᠭᠡᠷ | ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠥᠨ ᠢ ᠬᠥᠮᠥᠵᠢᠭᠦᠯᠬᠦ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠢ ᠪᠤᠶ ᠪᠤᠯᠭᠠᠵᠤ ᠪᠣᠯᠣᠨ᠎ᠠ᠃ | |