ᠪᠢᠴᠢᠯ ᠰᠢᠭᠦᠮᠵᠢ
ᠨᠡᠶᠢᠲᠡᠯᠡᠭᠰᠡᠨ ᠴᠠᠭ᠄
2024/12/11
    ᠰᠣᠨᠢᠨ ᠮᠡᠳᠡᠭᠡᠨ ᠤ ᠬᠡᠷᠡᠭ᠄ ᠣᠳᠣᠬᠠᠨ ᠶᠠᠭ ᠰᠠᠶ᠋ᠢᠬᠠᠨ ᠨᠠᠮᠤᠷ ᠤᠨ ᠠᠮᠤ ᠪᠤᠳᠠᠭ᠎ᠠ ᠶᠢ ᠵᠠᠬ᠎ᠠ ᠳᠤ ᠭᠠᠷᠭᠠᠬᠤ ᠴᠠᠭ ᠪᠣᠯᠵᠠᠢ᠃ ᠣᠶᠢᠷ᠎ᠠ ᠳᠤ᠂ ᠤᠯᠤᠰ ᠤᠨ ᠠᠮᠤ ᠪᠤᠳᠠᠭ᠎ᠠ ᠪᠣᠯᠣᠨ ᠡᠳ᠋ ᠪᠠᠷᠠᠭᠠᠨ ᠤ ᠨᠦᠭᠡᠴᠡᠯᠡᠯᠳᠡ ᠶᠢᠨ ᠲᠣᠪᠴᠢᠶ᠎ᠠ ᠠᠴᠠ ᠠᠮᠤ ᠪᠤᠳᠠᠭ᠎ᠠ ᠶᠢᠨ ᠭᠠᠷᠤᠯᠲᠠ ᠶᠢᠨ ᠭᠤᠣᠯ ᠪᠤᠯᠬᠤ ᠬᠡᠰᠡᠭ ᠮᠤᠵᠢ ︵ᠣᠷᠣᠨ︶  ᠶᠢᠨ ᠨᠠᠮᠤᠷ ᠤᠨ ᠠᠮᠤ ᠪᠤᠳᠠᠭ᠎ᠠ ᠶᠢ ᠬᠤᠳᠠᠯᠳᠤᠨ ᠠᠪᠬᠤ ᠶᠢ ᠲᠣᠬᠢᠷᠠᠭᠤᠯᠬᠤ ᠠᠵᠢᠯ ᠢ ᠠᠬᠢᠭᠤᠯᠬᠤ ᠬᠤᠷᠠᠯ ᠬᠢᠵᠦ᠂ ᠨᠠᠮᠤᠷ ᠤᠨ ᠠᠮᠤ ᠪᠤᠳᠠᠭ᠎ᠠ ᠶᠢ ᠬᠤᠷᠢᠶᠠᠨ ᠠᠪᠬᠤ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠳᠠᠬᠤ ᠶᠢ ᠱᠠᠭᠠᠷᠳᠠᠵᠤ ᠪᠠᠶᠢᠨ᠎ᠠ᠃    ᠬᠤᠷᠠᠯ ᠠᠴᠠ ᠤᠷᠢᠳᠴᠢᠯᠠᠨ ᠪᠣᠯᠵᠣᠵᠤ ᠬᠤᠳᠠᠯᠳᠤᠨ ᠠᠪᠬᠤ᠂ ᠠᠮᠤ ᠪᠤᠳᠠᠭ᠎ᠠ ᠬᠤᠳᠠᠯᠳᠤᠨ ᠠᠪᠬᠤ ᠲᠤᠬᠠᠢ ᠶᠢᠨ ᠲᠠᠯᠠᠪᠠᠢ ᠶᠢᠨ ᠡᠮᠬᠢ ᠵᠢᠷᠤᠮ ᠢ ᠬᠠᠮᠠᠭᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ᠦᠨᠡᠯᠡᠯᠲᠡ᠄ ᠠᠮᠤ ᠪᠤᠳᠠᠭ᠎ᠠ ᠬᠤᠳᠠᠯᠳᠤᠨ ᠠᠪᠬᠤ ᠤᠯᠠᠷᠢᠯ ᠳᠤ᠂ ᠠᠮᠤ ᠪᠤᠳᠠᠭ᠎ᠠ ᠶᠢᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠯ ᠢ ᠬᠠᠮᠠᠭᠠᠯᠠᠬᠤ ᠪᠣᠯ ᠴᠢᠬᠤᠯᠠ ᠠᠴᠠ ᠴᠢᠬᠤᠯᠠ᠃ ᠲᠠᠷᠢᠶᠠᠴᠢᠳ ᠢ ᠬᠤᠬᠢᠷᠠᠭᠤᠯᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠠᠮᠤ ᠪᠤᠳᠠᠭ᠎ᠠ ᠲᠠᠷᠢᠵᠦ ᠪᠠᠶᠢᠭ᠎ᠠ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ