ᠽᠦᠩ ᠵᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/11
    12 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠷᠪᠠᠨ ᠬᠤᠶᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠠᠨ ᠰᠢᠶᠠᠨ ᠬᠤᠢ᠂ ᠭᠦᠸᠧ ᠫᠢᠩ᠂ ᠭᠦᠸᠧ ᠶᠢᠨ ᠱᠧᠩ᠂ ᠵᠠᠩ ᠶᠧ ᠣᠷᠣᠯᠴᠠᠪᠠ᠃ ᠫᠠᠨ ᠰᠢᠶᠤᠤ ᠵᠢᠶᠠ ᠰᠤᠯᠠ ᠣᠷᠣᠯᠴᠠᠵᠠᠢ᠃
1.jpg
    ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
2.jpg
    ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠲᠤᠭᠤᠰᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠪᠦᠬᠦ ᠵᠢᠯ ᠤᠨ ᠬᠠᠷᠠᠯᠲᠠ ᠡᠭᠦᠷᠭᠡ ᠳᠤ ᠰᠢᠪᠲᠤᠯᠤᠯᠲᠠ ᠬᠢᠵᠦ᠂ ᠭᠤᠣᠯᠳᠠᠯᠭ᠎ᠠ ᠲᠠᠢ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠬᠢᠴᠠ ᠪᠠᠨ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠴᠢᠭᠯᠡᠯ ᠭᠤᠣᠯᠳᠠᠯᠭ᠎ᠠ ᠶᠢ ᠡᠵᠡᠮᠳᠡᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠡᠷᠡᠰ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠪᠡᠯᠡ ᠮᠥᠩᠭᠦ ᠪᠣᠯᠤᠨ ᠴᠠᠭ ᠤᠨ ᠳᠠᠷᠠᠭᠠᠯᠠᠯ ᠢ ᠵᠣᠬᠢᠴᠠᠭᠤᠯᠬᠤ ᠶᠢ ᠰᠠᠶᠢᠲᠤᠷ ᠬᠢᠵᠦ᠂ 2025 ᠣᠨ ᠤ ᠲᠦᠷᠦᠯ ᠵᠦᠢᠯ ᠢ ᠲᠥᠯᠥᠪᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠰᠠᠨᠠᠮᠵᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠬᠠᠮᠲᠤᠷᠠᠯᠴᠠᠭ᠎ᠠ ᠪᠠᠨ ᠠᠬᠢᠭᠤᠯᠬᠤ ᠬᠡᠷᠡᠭᠲᠡᠢ᠃ ᠲᠤᠰᠠᠯᠠᠬᠤ ᠴᠠᠭᠳᠠᠭ᠎ᠠ ᠶᠢᠨ ᠡᠩᠨᠡᠭᠡ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠲᠤᠰᠠᠯᠠᠬᠤ ᠴᠠᠭᠳᠠᠭ᠎ᠠ ᠶᠢᠨ ᠠᠷᠠᠳ ᠲᠦᠮᠡᠨ ᠳᠤ ᠦᠢᠯᠡᠴᠢᠯᠡᠬᠦ ᠴᠢᠬᠤᠯᠠ ᠦᠢᠯᠡᠳᠦᠯ ᠢ ᠪᠠᠳᠠᠷᠠᠭᠤᠯᠵᠤ᠂ ᠠᠮᠤᠷ ᠠᠮᠤᠭᠤᠯᠠᠩ ᠡᠮᠬᠢ ᠵᠢᠷᠤᠮ ᠲᠠᠢ ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ