12 ᠰᠠᠷ᠎ᠠ ᠶᠢᠨ 11 ᠤ ᠡᠳᠦᠷ᠂ ᠠᠷᠤᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠳᠥᠷᠪᠡᠳᠦᠭᠡᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ᠃ ᠠᠷᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠺᠦᠨ ᠫᠧᠩ᠂ ᠬᠥᠯᠥᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ | ᠳᠡᠳ᠋ ᠲᠡᠷᠢᠭᠦᠯᠡᠭᠴᠢ ᠶᠢᠨ ᠯᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠭᠦᠸᠧ ᠫᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠰᠢᠶᠤᠤ ᠷᠦᠨ ᠭᠠᠩ ᠪᠣᠯᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠶᠤᠤ ᠵᠢᠩ ᠯᠢᠨ ᠶᠡᠭᠡ ᠬᠤᠷᠠᠯ ᠳᠤ ᠣᠷᠣᠯᠴᠠᠪᠠ᠃ ᠡᠪᠯᠡᠯ ᠤᠨ | ᠬᠤᠷᠢᠶᠠᠨ ᠤ ᠱᠦᠵᠢ ᠯᠤᠸᠠᠨ ᠴᠧᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ | ᠪᠦᠬᠦ ᠬᠤᠰᠢᠭᠤᠨ ᠤ ᠡᠯ᠎ᠡ ᠹᠷᠣᠨᠲ ᠠᠴᠠ ᠢᠷᠡᠭᠰᠡᠨ 92 ᠲᠥᠯᠥᠭᠡᠯᠡᠭᠴᠢ ᠬᠤᠷᠠᠯ ᠳᠤ ᠣᠷᠣᠯᠴᠠᠪᠠ᠃ | | | | | | ᠸᠠᠩ ᠺᠦᠨ ᠫᠧᠩ ᠠᠷᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠵᠦ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ | ᠪᠠᠶᠠᠷ ᠬᠦᠷᠭᠡᠵᠦ᠂ ᠠᠷᠤᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ | ᠬᠤᠷᠠᠯ ᠠᠴᠠ ᠨᠠᠰᠢᠬᠢ ᠠᠵᠢᠯ ᠢ ᠭᠦᠢᠴᠡᠳ ᠨᠤᠲᠠᠯᠠᠪᠠ᠃ ᠸᠠᠩ ᠺᠦᠨ ᠫᠧᠩ᠂ ᠣᠳᠣᠬᠠᠨ ᠳᠤ ᠪᠦᠬᠦ ᠬᠤᠰᠢᠭᠤ ᠶᠠᠭ ᠴᠢᠨᠠᠷ ᠰᠠᠶᠢᠲᠠᠢ ᠬᠥᠭᠵᠢᠯᠲᠡ ᠶᠢᠨ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠯ ᠢ ᠱᠠᠭᠠᠷᠳᠠᠵᠤ᠂ ᠨᠡᠩ ᠢᠯᠡᠭᠦᠦ ᠰᠢᠨ᠎ᠡ ᠶᠢ ᠡᠭᠦᠳᠴᠦ ᠬᠦᠳᠦᠯᠥᠨ ᠳᠠᠭᠠᠭᠤᠯᠬᠤ ᠶᠢ ᠱᠠᠭᠠᠷᠳᠠᠵᠤ᠂ ᠨᠡᠩ ᠴᠤ ᠥᠷᠭᠡᠨ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠬᠠᠮᠲᠤ ᠶᠢᠨ ᠴᠢᠷᠮᠠᠶᠢᠯᠭ᠎ᠠ ᠶᠢ ᠱᠠᠭᠠᠷᠳᠠᠵᠤ ᠪᠠᠶᠢᠨ᠎ᠠ᠃ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠬᠤ ᠬᠡᠷᠡᠭᠲᠡᠢ︔ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ | ᠴᠢᠩᠭᠠᠳᠬᠠᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠬᠤ ᠬᠡᠷᠡᠭᠲᠡᠢ︔ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠬᠡᠷ ᠢ ᠴᠣᠭᠴᠠᠯᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ | ᠤᠯᠬᠤ ᠬᠡᠷᠡᠭᠲᠡᠢ ᠭᠡᠵᠡᠢ᠃ ᠸᠠᠩ ᠺᠦᠨ ᠫᠧᠩ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ | ᠡᠷᠡᠮᠡᠬᠡᠶᠢᠯᠡᠨ ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ | | | | | | ᠶᠢᠨ ᠯᠢ ᠬᠤᠸᠠ ᠬᠥᠯᠥᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠢ ᠲᠥᠯᠥᠭᠡᠯᠡᠨ ᠶᠡᠭᠡ ᠬᠤᠷᠠᠯ ᠤᠨ | ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ᠂ ᠥᠩᠭᠡᠷᠡᠭᠰᠡᠨ ᠲᠠᠪᠤᠨ ᠵᠢᠯ ᠳᠤ᠂ ᠠᠷᠤᠨ ᠬᠤᠰᠢᠭᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠬᠦ ᠪᠠ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠠᠮᠵᠢᠯᠲᠠ ᠣᠯᠵᠤ᠂ ᠡᠯ᠎ᠡ ᠵᠦᠢᠯ ᠤᠨ ᠠᠵᠢᠯ ᠪᠥᠬᠦ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠰᠢᠰᠲ᠋ᠧᠮ ᠤᠨ ᠡᠮᠦᠨ᠎ᠡ ᠡᠩᠨᠡᠭᠡᠨ ᠳᠤ ᠣᠷᠣᠪᠠ᠃ ᠬᠤᠶᠢᠰᠢᠳᠠ ᠶᠢᠨ ᠠᠵᠢᠯ ᠳᠤᠮᠳᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠨᠢ ᠭᠤᠤᠯ ᠠᠵᠢᠯ ᠤᠨ ᠲᠣᠭᠤᠷᠢᠨ ᠳᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠣᠷᠣᠨ ᠵᠠᠶ ᠶᠢ ᠨᠡᠭᠡᠭᠡᠵᠦ᠂ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠶ︔ ᠤᠯᠤᠰ ᠲᠥᠷᠥ ᠶᠢᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠶ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠢ ᠨᠠᠩ ᠪᠠᠲᠤ ᠴᠢᠩᠭ᠎ᠠ ᠨᠠᠶᠢᠳᠠᠪᠤᠷᠢᠲᠠᠶ ᠤᠯᠤᠰ ᠲᠥᠷᠥ ᠶᠢᠨ ᠵᠣᠬᠢᠶᠠᠨ ᠪᠠᠶᠢᠭᠤᠯᠤᠯᠲᠠ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ︔ ᠠᠵᠢᠯ ᠤᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠢ ᠨᠡᠩ ᠬᠠᠯᠠᠭᠤᠨ ᠳᠤᠯᠠᠭᠠᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠪᠣᠯᠭᠠᠨ ᠪᠠᠶᠢᠭᠤᠯᠬᠤ ᠬᠡᠷᠡᠭᠲᠡᠢ︔ ᠬᠥᠭᠵᠢᠯᠲᠡ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ ᠢ ᠨᠡᠩ ᠵᠢᠳᠬᠦᠯ ᠴᠢᠷᠮᠠᠶᠢᠯᠭ᠎ᠠ ᠲᠠᠢ ᠴᠢᠳᠠᠮᠵᠢᠳᠦ ᠵᠣᠬᠢᠶᠠᠨ ᠪᠠᠶᠢᠭᠤᠯᠤᠯᠲᠠ ᠪᠣᠯᠭᠠᠨ ᠪᠠᠶᠢᠭᠤᠯᠬᠤ ᠬᠡᠷᠡᠭᠲᠡᠢ︔ ᠴᠠᠭ ᠦᠶ᠎ᠡ ᠲᠠᠢ | ᠵᠡᠷᠭᠡ ᠪᠠᠷ ᠤᠷᠤᠭᠰᠢᠯᠠᠨ ︽ᠳᠥᠷᠪᠡᠨ ᠦᠢᠯᠡᠴᠢᠯᠡᠬᠦ︾ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠶᠢ ᠪᠠᠷᠢᠮᠲᠠᠯᠠᠵᠤ᠂ ᠶᠡᠭᠡ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ᠬᠥᠯᠥᠨ ᠪᠤᠶᠢᠷ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ ᠬᠥᠭᠵᠢᠬᠦ᠂ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠳᠤ | ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | | | | |