7 ᠰᠠᠷ᠎ᠠ ᠶᠢᠨ 26 ᠤ ᠡᠳᠦᠷ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ | ᠶᠠᠮᠤᠨ ᠬᠠᠮᠲᠤᠷᠠᠨ ᠪᠡᠭᠡᠵᠢᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ | ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠰᠠᠨᠠᠯ︾ ︵ᠠᠷᠤ ᠳᠤ ︽ᠰᠠᠨᠠᠯ︾ ᠭᠡᠵᠦ ᠲᠣᠪᠴᠢᠯᠠᠨ᠎ᠠ︶ | ᠢ ᠨᠡᠶᠢᠲᠡᠯᠡᠪᠡ᠃ | ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ︽ᠰᠠᠨᠠᠯ︾ ᠳᠤ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠲᠡᠭᠦᠨ ᠲᠠᠢ ᠬᠤᠯᠪᠣᠭᠳᠠᠭᠰᠠᠨ ᠶᠠᠯᠠᠲᠤ | ᠬᠡᠷᠡᠭ ᠢ ᠰᠢᠢᠳᠪᠦᠷᠢᠯᠡᠬᠦ ᠳᠤᠮᠳᠠ ᠲᠣᠬᠢᠶᠠᠯᠳᠤᠭᠰᠠᠨ ᠶᠠᠯᠠᠲᠤ ᠪᠦᠯᠦᠭ ᠢ ᠮᠠᠭᠠᠳᠯᠠᠨ ᠲᠣᠭᠲᠠᠭᠠᠬᠤ᠂ ᠮᠡᠬᠡᠯᠡᠯ ᠤᠨ ᠵᠣᠭᠤᠰ ᠤᠨ ᠲᠤᠭ᠎ᠠ ᠶᠢ ᠪᠠᠶᠢᠴᠠᠭᠠᠨ ᠭᠡᠷᠡᠴᠢᠯᠡᠬᠦ | ᠪᠠ ᠬᠥᠮᠥᠰ ᠤᠨ ᠬᠡᠷᠡᠭ ᠢ ᠪᠠᠶᠢᠴᠠᠭᠠᠬᠤ ᠳᠤ ᠬᠤᠯᠪᠣᠭᠳᠠᠬᠤ ᠵᠡᠷᠭᠡ ᠬᠠᠤᠯᠢ ᠴᠠᠭᠠᠵᠠ ᠶᠢᠨ ᠬᠡᠷᠡᠭᠯᠡᠯᠲᠡ ᠪᠠ ᠭᠡᠷᠡᠴᠢ ᠪᠠᠷᠢᠮᠲᠠ ᠶᠢᠨ ᠪᠠᠷᠢᠮᠵᠢᠶ᠎ᠠ ᠶᠢᠨ ᠠᠰᠠᠭᠤᠳᠠᠯ ᠢ | ᠰᠢᠢᠳᠪᠦᠷᠢᠯᠡᠵᠦ᠂ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠬᠡᠷᠡᠭ ᠢ ᠤᠯᠠᠮ ᠨᠢᠭᠡ ᠠᠯᠬᠤᠮ ᠴᠢᠩᠭ᠎ᠠ ᠰᠢᠢᠳᠬᠡᠬᠦ ᠳᠤ | ᠬᠦᠴᠦᠲᠡᠢ ᠬᠠᠤᠯᠢ ᠴᠠᠭᠠᠵᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ ᠭᠡᠵᠡᠢ᠃ | ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠳᠥᠷᠪᠡᠨ ᠶᠡᠭᠡ ᠣᠨᠴᠠᠯᠢᠭ ᠢᠯᠡᠷᠡᠪᠡ᠄ ᠵᠣᠬᠢᠶᠠᠨ | ᠪᠠᠶᠢᠭᠤᠯᠤᠯᠲᠠᠵᠢᠯᠲᠠ ᠡᠳᠦᠷ ᠢᠷᠡᠬᠦᠶ᠎ᠡ ᠢᠯᠡᠷᠬᠡᠢ ᠪᠣᠯᠤᠭᠰᠠᠨ᠂ ᠬᠢᠯᠢ ᠶᠢᠨ ᠭᠠᠳᠠᠨᠠᠬᠢ ᠮᠡᠬᠡᠯᠡᠯ ᠤᠨ ᠨᠢᠭᠤᠨ ᠳᠠᠯᠳᠠᠯᠠᠬᠤ ᠭᠠᠵᠠᠷ ᠨᠢ ᠬᠦᠷᠢᠶᠡᠯᠡᠩ ᠲᠣᠭᠤᠷᠢᠭᠵᠢᠭᠰᠠᠨ | ᠣᠨᠴᠠᠯᠢᠭ ᠢᠯᠡᠷᠡᠭᠰᠡᠨ᠂ ᠶᠠᠯ᠎ᠠ ᠬᠢᠬᠦ ᠪᠠᠭᠠᠵᠢ ᠨᠢ ᠲᠠᠰᠤᠷᠠᠯᠲᠠ ᠦᠭᠡᠢ ᠲᠠᠰ ᠳᠠᠪᠰᠢᠵᠤ ᠪᠠᠶᠢᠬᠤ᠂ ᠮᠡᠬᠡᠯᠡᠬᠦ ᠠᠷᠭ᠎ᠠ ᠪᠠᠷᠢᠯ ᠲᠦᠷᠭᠡᠨ ᠰᠢᠨᠡᠳᠴᠦ ᠪᠠᠶᠢᠬᠤ᠃ | ᠣᠶᠢᠷ᠎ᠠ ᠶᠢᠨ ᠵᠢᠯ ᠤᠳ ᠲᠤ᠂ ᠮᠡᠳᠡᠭᠡ ᠵᠠᠩᠭᠢ ᠶᠢᠨ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢᠶᠠᠷ | ᠲᠥᠯᠥᠭᠡᠯᠡᠭᠦᠯᠦᠭᠰᠡᠨ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠨᠢ ᠭᠤᠣᠯ ᠶᠠᠯᠠᠲᠤ ᠠᠵᠢᠯᠯᠠᠭ᠎ᠠ ᠪᠣᠯᠪᠠ᠃ ᠢᠯᠠᠩᠭᠤᠶ᠎ᠠ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠤᠨ ᠶᠠᠯᠠᠲᠤ ᠪᠦᠯᠦᠭᠯᠡᠯ ᠤᠯᠤᠰ ᠠᠯᠤᠰᠯᠠᠨ ᠲᠦᠷᠭᠡᠨ ᠬᠥᠭᠵᠢᠵᠦ᠂ ᠨᠢᠭᠡᠨᠲᠡ ᠪᠦᠬᠦ ᠪᠥᠮᠪᠥᠷᠴᠡᠭ ᠤᠨ ᠴᠢᠨᠠᠷᠲᠠᠢ ᠴᠣᠬᠢᠯᠲᠠ ᠥᠭᠴᠦ | ᠰᠢᠢᠳᠪᠦᠷᠢᠯᠡᠬᠦ ᠬᠦᠴᠢᠷ ᠠᠰᠠᠭᠤᠳᠠᠯ ᠪᠣᠯᠪᠠ᠃ | ᠣᠳᠣᠬᠠᠨ ᠳᠤ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠭᠤᠣᠯᠳᠠᠭᠤ ᠳᠣᠣᠷᠠᠬᠢ ᠳᠥᠷᠪᠡᠨ | ᠣᠨᠴᠠᠯᠢᠭ ᠢᠯᠡᠷᠡᠵᠦ ᠪᠠᠶᠢᠨ᠎ᠠ᠄ | - ᠵᠣᠬᠢᠶᠠᠨ ᠪᠠᠶᠢᠭᠤᠯᠤᠯᠲᠠᠵᠢᠯᠲᠠ ᠡᠳᠦᠷ ᠢᠷᠡᠬᠦᠶ᠎ᠡ ᠢᠯᠡᠷᠬᠡᠢ ᠪᠣᠯᠪᠠ᠃ ᠮᠡᠬᠡᠯᠡᠯ ᠤᠨ ᠪᠦᠯᠦᠭᠯᠡᠯ ᠤᠨ ᠵᠣᠬᠢᠶᠠᠨ ᠪᠠᠶᠢᠭᠤᠯᠤᠯᠲᠠ ᠨᠢ ᠨᠢᠭᠲᠠ ᠴᠢᠩᠭ᠎ᠠ᠂ | ᠠᠵᠢᠯ ᠤᠨ ᠬᠤᠪᠢᠶᠠᠷᠢᠯᠠᠯ ᠨᠢ ᠲᠣᠳᠣᠷᠬᠠᠢ ᠪᠠᠶᠢᠵᠤ᠂ ᠣᠯᠠᠨ ᠠᠵᠢᠯ ᠲᠥᠷᠥᠯ ᠤᠨ ᠲᠤᠯᠭᠠᠭᠤᠷᠢᠯᠠᠯ᠂ ᠠᠵᠤ ᠦᠶᠢᠯᠡᠰᠵᠢᠯᠲᠡ ᠶᠢᠨ ᠲᠠᠷᠬᠠᠯᠲᠠ᠂ ᠪᠦᠯᠦᠭᠯᠡᠨ | ᠠᠵᠢᠯᠯᠠᠬᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠬᠤ᠂ ᠬᠢᠯᠢ ᠠᠯᠤᠰᠯᠠᠭᠰᠠᠨ ᠮᠠᠶ᠋ᠢᠭ ᠤᠨ ᠪᠠᠶᠢᠷᠢᠯᠠᠭᠤᠯᠤᠯᠲᠠ ᠵᠡᠷᠭᠡ ᠤᠯᠤᠰ ᠠᠯᠤᠰᠯᠠᠭᠰᠠᠨ ᠵᠣᠬᠢᠶᠠᠨ | ᠪᠠᠶᠢᠭᠤᠯᠤᠯᠲᠠ ᠲᠠᠢ ᠶᠠᠯᠠᠲᠤ ᠬᠡᠷᠡᠭ ᠤᠨ ᠣᠨᠴᠠᠯᠢᠭ ᠰᠢᠨᠵᠢ ᠶᠢ ᠢᠯᠡᠷᠡᠭᠦᠯᠪᠡ᠃ ᠪᠦᠯᠦᠭᠯᠡᠯ ᠤᠨ ᠲᠦᠷᠦᠭᠦᠦ ᠪᠠ ᠭᠤᠣᠯᠯᠠᠭᠴᠢ ᠬᠦᠴᠦᠨ ᠶᠡᠷᠦ ᠨᠢ ᠬᠢᠯᠢ ᠶᠢᠨ | ᠭᠠᠳᠠᠨ᠎ᠠ ᠨᠢᠭᠤᠵᠤ᠂ ︽ᠥᠨᠳᠥᠷ ᠴᠠᠯᠢᠩ ᠢᠶᠠᠷ ᠤᠷᠢᠬᠤ︾ ᠨᠡᠷ᠎ᠡ ᠪᠠᠷ ᠬᠥᠮᠥᠨ ᠮᠡᠬᠡᠯᠡᠨ ᠲᠠᠲᠠᠵᠤ ᠬᠢᠯᠢ ᠶᠢᠨ ᠭᠠᠳᠠᠨ᠎ᠠ ᠮᠡᠬᠡᠯᠡᠬᠦ ᠠᠵᠢᠯᠯᠠᠭ᠎ᠠ ᠬᠢᠯᠭᠡᠳᠡᠭ᠂ | ᠣᠳᠣᠬᠠᠨ ᠳᠤ ᠬᠢᠯᠢ ᠶᠢᠨ ᠭᠠᠳᠠᠨ᠎ᠠ ᠪᠠᠰᠠ ᠶᠡᠭᠡ ᠬᠡᠮᠵᠢᠶᠡᠨ ᠤ ᠶᠠᠯᠠᠲᠤ ᠪᠦᠯᠬᠦᠮ ᠮᠠᠨ ᠤ ᠠᠷᠠᠳ ᠤᠯᠠᠨ ᠳᠤ ᠮᠡᠬᠡᠯᠡᠬᠦ ᠠᠵᠢᠯᠯᠠᠭ᠎ᠠ ᠬᠢᠵᠦ ᠪᠠᠶᠢᠨ᠎ᠠ᠃ | - ᠬᠢᠯᠢ ᠶᠢᠨ ᠭᠠᠳᠠᠨᠠᠬᠢ ᠮᠡᠬᠡᠯᠡᠯ ᠤᠨ ᠨᠢᠭᠤᠴᠠ ᠣᠷᠣᠮᠵᠢ ᠨᠢ ᠬᠦᠷᠢᠶᠡᠯᠡᠩ ᠲᠣᠭᠤᠷᠢᠭᠵᠢᠭᠰᠠᠨ ᠣᠨᠴᠠᠯᠢᠭ ᠢᠯᠡᠷᠡᠪᠡ᠃ ᠣᠳᠣᠬᠠᠨ ᠳᠤ᠂ ᠬᠢᠯᠢ ᠶᠢᠨ | ᠭᠠᠳᠠᠨᠠᠬᠢ ᠲᠠᠷᠬᠠᠢ ᠪᠤᠲᠠᠷᠬᠠᠢ ᠮᠡᠬᠡᠯᠡᠯ ᠤᠨ ᠪᠦᠯᠬᠦᠮ ᠤᠯᠠᠮ ᠠᠴᠠ ᠤᠯᠠᠮ ᠴᠥᠭᠡᠷᠡᠵᠦ᠂ ᠬᠡᠲᠦ ᠶᠡᠭᠡ ᠬᠡᠪᠴᠢᠶᠡᠨ ᠤ ᠵᠣᠭᠤᠰ ᠮᠥᠷᠦ᠋ᠢᠴᠡᠬᠦ ᠮᠡᠬᠡᠯᠡᠯ ᠤᠨ | ᠬᠦᠷᠢᠶᠡᠯᠡᠩ ᠲᠣᠭᠤᠷᠢᠭ ᠪᠣᠯᠣᠨ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠢᠶᠠᠷ ᠣᠷᠣᠯᠠᠭᠳᠠᠪᠠ᠃ ᠵᠠᠷᠢᠮ ᠵᠡᠭᠦᠨ ᠡᠮᠦᠨᠡᠲᠦ ᠠᠽᠢᠶ᠎ᠠ ᠶᠢᠨ | ᠤᠯᠤᠰ ᠲᠤ᠂ ᠣᠷᠭᠢᠯ ᠤᠨ ᠦᠶ᠎ᠡ ᠳᠤ ᠬᠥᠭᠵᠢᠶᠡᠨ ᠲᠠᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠦᠷᠢᠶᠡᠯᠡᠩ ᠲᠣᠭᠤᠷᠢᠭ ᠬᠡᠳᠦᠨ ᠠᠷᠪᠠ | ᠴᠢᠨᠠᠭᠰᠢᠯᠠᠪᠠᠯ ᠵᠠᠭᠤ ᠭᠠᠷᠤᠢ ᠪᠣᠯᠵᠠᠢ᠃ ᠬᠡᠰᠡᠭ ᠬᠦᠷᠢᠶᠡᠯᠡᠩ ᠲᠣᠭᠤᠷᠢᠭ ᠨᠢ ᠪᠦᠷᠢᠯᠳᠦᠭᠦᠨ ᠭᠡᠰᠢᠭᠦᠨ ᠢ ᠬᠠᠮᠢᠶᠠᠷᠤᠨ ᠡᠵᠡᠮᠳᠡᠬᠦ ᠶᠠᠪᠤᠴᠠ ᠳᠤ ᠪᠠᠨ ᠵᠣᠷᠢᠭᠤᠳᠠ | ᠭᠡᠮᠲᠦᠭᠡᠬᠦ᠂ ᠬᠠᠤᠯᠢ ᠪᠤᠰᠤ ᠪᠠᠷ ᠬᠤᠷᠢᠬᠤ᠂ ᠶᠠᠩᠬᠠᠯᠠᠬᠤ ᠶᠢ ᠵᠣᠬᠢᠶᠠᠨ ᠪᠠᠶᠢᠭᠤᠯᠬᠤ᠂ ᠨᠥᠵᠢᠳᠯᠡᠬᠦ ᠵᠡᠷᠭᠡ ᠶᠠᠯᠠᠲᠤ ᠠᠵᠢᠯᠯᠠᠭ᠎ᠠ ᠶᠢ ᠶᠡᠬᠡᠪᠡᠷ ᠬᠢᠵᠦ᠂ ᠨᠡᠶᠢᠭᠡᠮ ᠳᠤ | ᠲᠦᠢᠯ ᠤᠨ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ ᠪᠠᠶᠢᠨ᠎ᠠ᠃ | - ᠶᠠᠯ᠎ᠠ ᠬᠢᠬᠦ ᠪᠠᠭᠠᠵᠢ ᠨᠢ ᠲᠠᠰᠤᠷᠠᠯᠲᠠ ᠦᠭᠡᠢ ᠳᠡᠰ ᠳᠠᠪᠰᠢᠵᠤ ᠪᠠᠶᠢᠭ᠎ᠠ ᠣᠨᠴᠠᠯᠢᠭ ᠢᠯᠡᠷᠡᠪᠡ᠃ ᠮᠡᠬᠡᠯᠡᠯ ᠤᠨ ᠪᠦᠯᠦᠭᠯᠡᠯ ᠬᠡᠰᠡᠭ ᠪᠦᠯᠦᠭ ᠤᠨ ᠬᠡᠯᠬᠢᠶ᠎ᠡ᠂ | ᠬᠡᠶᠢᠰᠪᠦᠷᠢ ᠵᠣᠭᠤᠰ᠂ AI ᠬᠢᠮᠡᠯ ᠣᠶᠤᠨ᠂ ᠠᠯᠤᠰ ᠡᠵᠡᠮᠰᠢᠯ᠂ ᠬᠠᠮᠲᠤ ᠪᠠᠷ ᠡᠳ᠋ᠯᠡᠬᠦ ᠳᠡᠯᠭᠡᠴᠡ ᠵᠡᠷᠭᠡ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠶᠢ | ᠠᠰᠢᠭᠯᠠᠨ᠂ ᠶᠠᠯᠠᠲᠤ ᠠᠵᠢᠯᠯᠠᠭ᠎ᠠ ᠶᠢᠨ ᠪᠠᠭᠠᠵᠢ ᠶᠢ ᠲᠠᠰᠤᠷᠠᠯᠲᠠ ᠦᠭᠡᠢ ᠰᠢᠨᠡᠳᠬᠡᠨ ᠲᠠᠰ ᠳᠡᠪᠰᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠮᠡᠳᠡᠭᠡ | ᠬᠤᠯᠪᠣᠭᠠᠨ ᠤ ᠰᠦᠯᠵᠢᠶ᠎ᠡ ᠪᠠ ᠲᠠᠩᠰᠠ ᠰᠢᠯᠵᠢᠭᠦᠯᠦᠨ ᠮᠥᠩᠭᠦ ᠤᠬᠢᠶᠠᠬᠤ ᠵᠡᠷᠭᠡ ᠲᠠᠯ᠎ᠠ ᠪᠠᠷ ᠬᠢ ᠳᠠᠭᠠᠷᠢᠯᠲᠠ ᠰᠡᠷᠭᠡᠶᠢᠯᠡᠯᠲᠡ ᠶᠢᠨ ᠡᠰᠡᠷᠭᠦᠴᠡᠯᠳᠦᠯ ᠨᠢ ᠲᠠᠰᠤᠷᠠᠯᠲᠠ | ᠦᠭᠡᠢ ᠬᠤᠷᠴᠠᠳᠪᠠ᠃ | - ᠮᠡᠬᠡᠯᠡᠯ ᠤᠨ ᠠᠷᠭ᠎ᠠ ᠪᠠᠷᠢᠯ ᠨᠢ ᠲᠦᠷᠭᠡᠨ ᠰᠢᠨᠡᠴᠢᠯᠡᠵᠦ ᠪᠠᠶᠢᠭ᠎ᠠ ᠣᠨᠴᠠᠯᠢᠭ ᠢᠯᠡᠷᠡᠪᠡ᠃ ᠮᠡᠬᠡᠯᠡᠯ ᠤᠨ ᠪᠦᠯᠦᠭᠯᠡᠯ ᠨᠢ ᠤᠯᠤᠰ ᠤᠨ ᠳᠣᠲᠣᠭᠠᠳᠤ ᠶᠢᠨ | ᠨᠡᠶᠢᠭᠡᠮ ᠲᠤᠬᠠᠢ ᠶᠢᠨ ᠵᠠᠰᠠᠭ ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠢ ᠠᠮᠵᠢᠵᠤ᠂ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠨ᠂ ᠬᠠᠤᠯᠢ ᠪᠤᠰᠤ ᠪᠠᠷ | ᠣᠯᠣᠭᠰᠠᠨ ᠬᠤᠪᠢ ᠬᠥᠮᠥᠨ ᠤ ᠮᠡᠳᠡᠭᠡ ᠵᠠᠩᠭᠢ ᠶᠢ ᠦᠨᠳᠦᠰᠦᠯᠡᠨ᠂ ᠮᠡᠬᠡᠯᠡᠯ ᠤᠨ ᠵᠦᠴᠦᠭᠡ ᠶᠢᠨ ᠳᠡᠪᠲᠡᠷ ᠵᠣᠬᠢᠶᠠᠵᠤ᠂ ᠨᠠᠷᠢᠯᠢᠭ ᠣᠨᠣᠴᠠᠲᠠᠢ ᠮᠡᠬᠡᠯᠡᠯ ᠶᠠᠪᠤᠭᠤᠯᠵᠤ | ᠪᠠᠶᠢᠭ᠎ᠠ ᠨᠢ ᠮᠠᠰᠢ ᠴᠢᠩᠭ᠎ᠠ ᠲᠥᠭᠡᠷᠢᠭᠳᠡᠭᠦᠯᠬᠦ ᠴᠢᠨᠠᠷᠲᠠᠢ᠃ ︽ᠡᠯ᠎ᠡ ᠭᠠᠵᠠᠷ ᠤᠨ ᠬᠡᠷᠡᠭ ᠰᠢᠢᠳᠪᠦᠷᠢᠯᠡᠬᠦ ᠪᠠᠶᠢᠭᠤᠯᠭ᠎ᠠ ᠪᠠᠰᠠ ᠣᠯᠵᠤ ᠮᠡᠳᠡᠭᠰᠡᠨ ᠨᠢ᠂ ᠬᠡᠰᠡᠭ | ᠶᠠᠯᠠᠲᠤ ᠪᠦᠯᠦᠭᠯᠡᠯ ᠬᠢᠯᠢ ᠶᠢᠨ ᠭᠠᠳᠠᠨ᠎ᠠ ᠪᠦᠳᠦᠭᠦᠷᠡᠭᠰᠡᠨ ᠳᠠᠷᠠᠭ᠎ᠠ ᠲᠤᠬᠠᠢ ᠶᠢᠨ ᠭᠠᠵᠠᠷ ᠤᠨ ᠬᠠᠮᠠᠭᠠᠯᠠᠬᠤ ᠬᠦᠴᠦᠨ ᠲᠠᠢ ᠰᠦᠯᠪᠡᠭᠡᠯᠡᠵᠦ᠂ ᠥᠮᠥᠭᠯᠡᠭᠳᠡᠭᠰᠡᠨ ᠤ | ᠳᠠᠷᠠᠭ᠎ᠠ ᠶᠠᠯ᠎ᠠ ᠬᠢᠬᠦ ᠣᠮᠤᠭ ᠰᠦᠷ ᠨᠢ ᠨᠠᠩ ᠶᠡᠭᠡ ᠪᠣᠯᠵᠠᠢ᠃︾ ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ | ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠠᠯᠢ ᠣᠯᠠᠨ ᠠᠰᠠᠭᠤᠳᠠᠯ ᠨᠢ ᠴᠥᠮ ᠬᠠᠤᠯᠢ ᠪᠠᠷᠢᠵᠤ ᠬᠡᠷᠡᠭ | ᠰᠢᠢᠳᠪᠦᠷᠢᠯᠡᠬᠦ᠂ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠲᠤ ᠴᠣᠬᠢᠯᠲᠠ ᠥᠭᠴᠦ ᠵᠠᠰᠠᠬᠤ ᠳᠤ ᠰᠢᠨ᠎ᠡ | ᠥᠷᠢᠰᠦᠯᠳᠦᠭᠡᠨ ᠠᠪᠴᠢᠷᠠᠭᠰᠠᠨ ᠪᠠᠶᠢᠨ᠎ᠠ᠃ | ︽ᠰᠠᠨᠠᠯ︾ ᠤᠨ ᠠᠭᠤᠯᠭ᠎ᠠ ᠨᠢ ᠭᠤᠣᠯᠳᠠᠭᠤ ᠳᠥᠷᠪᠡᠨ ᠶᠡᠭᠡ ᠣᠨᠴᠠᠯᠢᠭ ᠲᠠᠢ᠄ ᠶᠡᠷᠦᠩᠬᠡᠢ ᠳᠤ ᠨᠢ ᠴᠢᠩᠭ᠎ᠠ ᠰᠢᠢᠳᠬᠡᠬᠦ ᠶᠢ ᠪᠠᠷᠢᠮᠲᠠᠯᠠᠵᠤ᠂ ᠴᠢᠩᠭ᠎ᠠ ᠰᠢᠢᠳᠬᠡᠬᠦ | ᠵᠣᠭᠰᠣᠯᠲᠠ ᠶᠢ ᠢᠯᠡᠷᠡᠭᠦᠯᠪᠡ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠬᠡᠷᠡᠭᠴᠡᠭᠡ ᠶᠢ ᠰᠢᠢᠳᠪᠦᠷᠢᠯᠡᠬᠦ︔ ᠬᠠᠤᠯᠢ | ᠶᠣᠰᠣᠭᠠᠷ ᠴᠣᠬᠢᠯᠲᠠ ᠥᠭᠬᠦ ᠶᠢ ᠪᠠᠷᠢᠮᠲᠠᠯᠠᠵᠤ᠂ ᠬᠢᠯᠢᠰᠳᠡᠭᠦᠯᠬᠦ ᠦᠭᠡᠢ ᠳᠤᠷ᠎ᠠ ᠪᠠᠷ ᠨᠢ ᠲᠠᠯᠪᠢᠬᠤ ᠦᠭᠡᠢ ᠪᠠᠶᠢᠬᠤ ᠶᠢ ᠦᠨᠡᠨᠬᠦ ᠪᠠᠲᠤᠯᠠᠬᠤ︔ ᠪᠤᠵᠠᠷ ᠡᠳ᠋ ᠢ | ᠨᠡᠬᠡᠮᠵᠢᠯᠡᠨ ᠠᠪᠴᠢᠷᠠᠬᠤ ᠬᠤᠬᠢᠷᠠᠯ ᠢ ᠡᠭᠡᠭᠦᠯᠦᠨ ᠠᠪᠴᠢᠷᠠᠬᠤ ᠶᠢ ᠴᠢᠩᠭᠠᠳᠬᠠᠵᠤ᠂ ᠡᠳ᠋ ᠬᠥᠷᠥᠩᠭᠡ ᠶᠢᠨ ᠡᠷᠬᠡ ᠠᠰᠢᠭ ᠢ ᠬᠠᠮᠠᠭᠠᠯᠠᠬᠤ᠃ | ᠲᠠᠨᠢᠯᠴᠠᠭᠤᠯᠤᠭᠰᠠᠨ ᠢᠶᠠᠷ᠂ ︽ᠰᠠᠨᠠᠯ︾ ᠨᠢ ᠨᠡᠶᠢᠲᠡ 3 ᠬᠡᠰᠡᠭ᠂ 16 ᠵᠦᠢᠯ ᠲᠠᠢ᠂ ᠡᠭᠦᠨ ᠳᠤ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠵᠡᠷᠭᠡ ᠡᠷᠡᠭᠦᠦ ᠶᠢᠨ ᠬᠡᠷᠡᠭ ᠢ ᠰᠢᠢᠳᠪᠦᠷᠢᠯᠡᠬᠦ ᠶᠡᠷᠦᠩᠬᠡᠢ ᠱᠠᠭᠠᠷᠳᠠᠯᠭ᠎ᠠ᠂ ᠬᠠᠤᠯᠢ ᠴᠠᠭᠠᠵᠠ ᠶᠢᠨ ᠬᠡᠷᠡᠭᠯᠡᠯᠲᠡ᠂ ᠵᠢᠷᠤᠮ ᠤᠨ ᠲᠣᠭᠲᠠᠭᠠᠯ᠂ ᠲᠥᠷᠥ ᠶᠢᠨ | ᠪᠣᠳᠣᠯᠭ᠎ᠠ ᠶᠢᠨ ᠡᠵᠡᠮᠳᠡᠯ᠂ ᠪᠤᠵᠠᠷ ᠡᠳ᠋ ᠢ ᠨᠡᠬᠡᠮᠵᠢᠯᠡᠨ ᠠᠪᠴᠢᠷᠠᠵᠤ ᠬᠤᠬᠢᠷᠠᠯ ᠢ ᠨᠥᠬᠦᠬᠦ ᠵᠡᠷᠭᠡ ᠶᠢ ᠲᠣᠭᠲᠠᠭᠠᠵᠠᠢ᠃ ︽ᠰᠠᠨᠠᠯ︾ ᠤᠨ ᠠᠭᠤᠯᠭ᠎ᠠ ᠨᠢ ᠭᠤᠣᠯᠳᠠᠭᠤ | ᠳᠥᠷᠪᠡᠨ ᠲᠠᠯ᠎ᠠ ᠶᠢᠨ ᠣᠨᠴᠠᠯᠢᠭ ᠢ ᠢᠯᠡᠷᠡᠭᠦᠯᠵᠡᠢ᠃ ᠣᠨᠴᠠᠯᠢᠭ ᠨᠢᠭᠡ᠄ ᠶᠡᠷᠦᠩᠬᠡᠢ ᠳᠤ ᠨᠢ ᠴᠢᠩᠭ᠎ᠠ ᠰᠢᠢᠳᠬᠡᠬᠦ ᠶᠢ ᠪᠠᠷᠢᠮᠲᠠᠯᠠᠵᠤ᠂ ᠴᠢᠩᠭ᠎ᠠ ᠰᠢᠢᠳᠬᠡᠬᠦ | ᠵᠣᠭᠰᠣᠯᠲᠠ ᠶᠢ ᠢᠯᠡᠷᠡᠭᠦᠯᠪᠡ᠃ ᠬᠢᠯᠢ ᠶᠢᠨ ᠭᠠᠳᠠᠨᠠᠬᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠪᠠ ᠬᠢᠯᠢ ᠶᠢᠨ ᠳᠣᠲᠣᠷᠠᠬᠢ ᠬᠠᠮᠵᠢᠯᠴᠠᠭᠰᠠᠨ ᠶᠠᠯᠠᠲᠤ | ᠬᠡᠷᠡᠭ ᠲᠤ ᠬᠠᠤᠯᠢ ᠶᠣᠰᠣᠭᠠᠷ ᠬᠦᠨᠳᠦ ᠴᠣᠬᠢᠯᠲᠠ ᠥᠭᠬᠦ ᠪᠣᠯ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠴᠢᠬᠤᠯᠠ ᠤᠯᠤᠰ ᠲᠦᠷᠦ ᠶᠢᠨ | ᠬᠠᠷᠢᠭᠤᠴᠠᠯᠭ᠎ᠠ ᠪᠠ ᠬᠠᠤᠯᠢ ᠪᠠᠷ ᠵᠠᠰᠠᠬᠤ ᠬᠠᠷᠢᠭᠤᠴᠠᠯᠭ᠎ᠠ ᠮᠥᠨ᠃ ︽ᠰᠠᠨᠠᠯ︾ ᠳᠤ ᠶᠠᠯ᠎ᠠ ᠲᠣᠭᠲᠠᠭᠠᠵᠤ ᠡᠷᠡᠭᠦᠦ ᠰᠢᠢᠳᠬᠡᠯ ᠣᠨᠣᠭᠳᠠᠭᠤᠯᠬᠤ᠂ ᠬᠠᠤᠯᠢ | ᠴᠠᠭᠠᠵᠠ ᠶᠢ ᠬᠡᠷᠡᠭᠯᠡᠬᠦ᠂ ᠲᠥᠷᠥ ᠶᠢᠨ ᠪᠣᠳᠣᠯᠭ᠎ᠠ ᠶᠢ ᠡᠵᠡᠮᠳᠡᠬᠦ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠡᠯ᠎ᠡ ᠲᠠᠯ᠎ᠠ ᠠᠴᠠ ᠴᠢᠩᠭ᠎ᠠ ᠵᠠᠯᠬᠠᠭᠠᠨ ᠰᠢᠢᠳᠬᠡᠬᠦ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠴᠢᠩᠭ᠎ᠠ ᠪᠠᠶᠢᠬᠤ ᠴᠢᠩᠭ᠎ᠠ ᠬᠦᠴᠦᠲᠡᠢ ᠳᠣᠬᠢᠶ᠎ᠠ ᠥᠭᠴᠦ᠂ ᠬᠦᠴᠦᠲᠡᠢ | ᠰᠦᠷᠳᠡᠭᠦᠯᠬᠦ ᠦᠢᠯᠡᠳᠦᠯ ᠢ ᠪᠣᠶ ᠪᠣᠯᠭᠠᠬᠤ ᠶᠢᠨ ᠲᠥᠯᠥᠭᠡ ᠶᠤᠮ᠃ | ︽ᠰᠠᠨᠠᠯ︾ ᠳᠤ᠂ ᠣᠳᠣᠬᠠᠨ ᠳᠤ ᠳᠥᠷᠪᠡᠨ ᠵᠠᠯᠬᠠᠭᠠᠨ ᠰᠢᠳᠬᠡᠬᠦ ᠭᠤᠣᠯᠳᠠᠯᠭ᠎ᠠ ᠶᠢ ᠳᠣᠪᠤᠶᠢᠯᠭᠠᠬᠤ ᠶᠢ ᠴᠢᠬᠤᠯᠠᠴᠢᠯᠠᠪᠠ᠄ ᠶᠠᠯᠠᠲᠤ ᠪᠦᠯᠦᠭᠯᠡᠯ ᠵᠢᠴᠢ ᠲᠡᠭᠦᠨ ᠤ | ᠵᠣᠬᠢᠶᠠᠨ ᠪᠠᠶᠢᠭᠤᠯᠤᠭᠴᠢ᠂ ᠤᠬᠠᠭᠠᠯᠠᠭᠴᠢ᠂ ᠵᠢᠯᠣᠭᠤᠳᠤᠭᠴᠢ ᠪᠠ ᠭᠤᠣᠯᠯᠠᠭᠴᠢ ᠪᠦᠷᠢᠯᠳᠦᠭᠦᠨ ᠳᠤ ᠬᠠᠤᠯᠢ ᠶᠣᠰᠣᠭᠠᠷ ᠭᠤᠣᠯᠳᠠᠯᠭ᠎ᠠ ᠲᠠᠢ ᠴᠣᠬᠢᠯᠲᠠ ᠥᠭᠭᠦᠨ᠎ᠡ︔ | ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠬᠡᠷᠡᠭ ᠲᠤ ᠭᠤᠣᠯᠳᠠᠯᠭ᠎ᠠ ᠲᠠᠢ ᠴᠣᠬᠢᠯᠲᠠ ᠥᠭᠭᠦᠨ᠎ᠡ︔ ᠶᠠᠯᠠᠲᠤ ᠪᠦᠯᠦᠭ ᠤᠨ | ᠵᠣᠷᠢᠭᠤᠳᠠ ᠬᠥᠮᠥᠨ ᠠᠯᠠᠭᠰᠠᠨ᠂ ᠵᠣᠷᠢᠭᠤᠳᠠ ᠭᠡᠮᠲᠦᠭᠡᠭᠰᠡᠨ᠂ ᠤᠤᠯᠭᠠᠯᠠᠭᠰᠠᠨ᠂ ᠨᠥᠵᠢᠳᠯᠡᠭᠰᠡᠨ᠂ ᠠᠯᠪᠠᠳᠠᠨ ᠶᠠᠩᠬᠠᠯᠠᠭᠤᠯᠤᠭᠰᠠᠨ᠂ ᠬᠠᠤᠯᠢ ᠪᠤᠰᠤ ᠪᠠᠷ | ᠬᠤᠷᠢᠭᠰᠠᠨ ᠵᠡᠷᠭᠡ ᠶᠠᠯᠠᠲᠤ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ︔ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ | ᠵᠡᠷᠭᠡ ᠶᠠᠯᠠᠲᠤ ᠪᠦᠯᠦᠭᠯᠡᠯ ᠤᠨ ᠪᠦᠷᠢᠯᠳᠦᠭᠦᠨ ᠡᠯᠰᠡᠬᠦ ᠶᠢᠨ ᠲᠥᠯᠥᠭᠡ ᠪᠤᠰᠤᠳ ᠢ ᠵᠣᠬᠢᠶᠠᠨ ᠪᠠᠶᠢᠭᠤᠯᠵᠤ᠂ ᠵᠥᠭᠡᠭᠡᠪᠦᠷᠢᠯᠡᠨ ᠬᠦᠷᠭᠡᠵᠦ ᠤᠯᠤᠰ ᠤᠨ ᠬᠢᠯᠢ ︵ | ᠬᠢᠵᠠᠭᠠᠷ︶ ᠶᠢ ᠬᠤᠯᠠᠭᠤᠨ ᠳᠠᠪᠠᠭᠤᠯᠤᠭᠰᠠᠨ ᠶᠠᠯᠠᠲᠤ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ᠃ ᠣᠨᠴᠠᠯᠢᠭ ᠬᠤᠶᠠᠷ᠄ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠪᠡ᠃ ︽ᠰᠠᠨᠠᠯ︾ ᠨᠢ ᠬᠠᠤᠯᠢ ᠪᠠᠷᠢᠵᠤ ᠬᠡᠷᠡᠭ | ᠰᠢᠢᠳᠪᠦᠷᠢᠯᠡᠬᠦ ᠳᠤᠮᠳᠠ ᠬᠠᠤᠯᠢ ᠴᠠᠭᠠᠵᠠ ᠶᠢ ᠬᠡᠷᠡᠭᠯᠡᠬᠦ᠂ ᠭᠡᠷᠡᠴᠢ ᠪᠠᠷᠢᠮᠲᠠ ᠴᠤᠭᠯᠠᠭᠤᠯᠵᠤ ᠬᠢᠨᠠᠨ ᠪᠠᠶᠢᠴᠠᠭᠠᠵᠤ ᠬᠡᠷᠡᠭᠯᠡᠬᠦ᠂ ᠡᠷᠡᠭᠦᠦ ᠶᠢᠨ ᠬᠡᠷᠡᠭ ᠤᠨ ᠲᠥᠷᠥ ᠶᠢᠨ | ᠪᠣᠳᠣᠯᠭ᠎ᠠ᠂ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠨ ᠠᠪᠴᠢᠷᠠᠵᠤ ᠬᠤᠬᠢᠷᠠᠯ ᠢ ᠨᠥᠬᠦᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠢᠳᠪᠦᠷᠢᠯᠡᠬᠦ ᠲᠥᠰᠥᠯ ᠢ ᠬᠠᠨᠳᠤᠯᠭᠠᠲᠤ ᠴᠢᠨᠠᠷᠲᠠᠢ ᠳᠤᠷᠠᠳᠤᠨ ᠭᠠᠷᠭᠠᠪᠠ᠃ | ᠬᠢᠯᠢ ᠠᠯᠤᠰᠯᠠᠭᠰᠠᠨ ᠶᠠᠯᠠᠲᠤ ᠪᠦᠯᠦᠭᠯᠡᠯ ᠨᠢ ᠪᠦᠷᠢᠯᠳᠦᠭᠦᠨ ᠨᠢᠭᠡᠪᠦᠷᠢ ᠶᠢᠨ ᠪᠣᠳᠠᠲᠠᠢ ᠬᠠᠷᠠᠭᠠᠯᠵᠠᠭᠰᠠᠨ ᠶᠠᠯ᠎ᠠ ᠬᠢᠭᠰᠡᠨ ᠲᠤᠭ᠎ᠠ ᠬᠡᠮᠵᠢᠶ᠎ᠡ ᠶᠢ ᠪᠠᠶᠢᠴᠠᠭᠠᠨ | ᠲᠣᠳᠣᠯᠠᠬᠤ ᠳᠤ ᠪᠡᠷᠬᠡᠲᠡᠢ ᠪᠠᠶᠢᠳᠠᠯ ᠳᠤ ᠴᠢᠭᠯᠡᠭᠦᠯᠦᠨ᠂ ︽ᠰᠠᠨᠠᠯ︾ ᠳᠤ᠂ ᠶᠠᠯᠠᠲᠤ ᠪᠦᠯᠦᠭ ᠤᠨ ᠬᠢᠭᠰᠡᠨ ᠶᠠᠯ᠎ᠠ ᠶᠢᠨ ᠲᠤᠭ᠎ᠠ ᠬᠡᠮᠵᠢᠶ᠎ᠡ ᠶᠢ ᠪᠠᠶᠢᠴᠠᠭᠠᠨ | ᠲᠣᠳᠣᠯᠠᠭᠰᠠᠨ ᠤ ᠲᠠᠷᠠᠭ᠎ᠠ᠂ ᠡᠯ᠎ᠡ ᠶᠠᠯ᠎ᠠ ᠬᠢᠭᠰᠡᠨ ᠰᠡᠵᠢᠭᠯᠡᠯᠲᠡᠢ ᠡᠲᠡᠭᠡᠳ᠂ ᠵᠠᠭᠠᠯᠳᠤᠭᠳᠠᠭᠴᠢ ᠶᠢᠨ ᠪᠣᠳᠠᠲᠠᠢ ᠣᠷᠣᠯᠴᠠᠭᠰᠠᠨ ᠶᠠᠯᠠᠲᠤ ᠠᠵᠢᠯᠯᠠᠭ᠎ᠠ ᠶᠢᠨ ᠲᠤᠭ᠎ᠠ | ᠬᠡᠮᠵᠢᠶ᠎ᠡ ᠶᠢ ᠪᠠᠶᠢᠴᠠᠭᠠᠨ ᠲᠣᠳᠣᠯᠠᠭᠰᠠᠨ ᠦᠭᠡᠢ ᠪᠠᠶᠢᠯ᠎ᠠ ᠴᠤ ᠭᠡᠰᠡᠨ ᠲᠡᠭᠦᠨ ᠤ ᠶᠠᠯᠠᠲᠤ ᠪᠦᠯᠦᠭᠯᠡᠯ᠂ ᠶᠠᠯᠠᠲᠤ ᠪᠦᠯᠬᠦᠮ ᠤᠨ ᠳᠤᠮᠳᠠᠬᠢ ᠪᠠᠶᠢᠷᠢ ᠰᠠᠭᠤᠷᠢ ᠶᠢᠨ | ᠦᠢᠯᠡᠳᠦᠯ᠂ ᠣᠷᠣᠯᠴᠠᠭᠰᠠᠨ ᠴᠠᠭ ᠬᠤᠭᠤᠴᠠᠭ᠎ᠠ᠂ ᠶᠠᠯᠠᠲᠤ ᠠᠵᠢᠯᠯᠠᠭ᠎ᠠ ᠶᠢᠨ ᠪᠣᠳᠠᠲᠤ ᠬᠡᠷᠡᠭ ᠯᠦᠭᠡ ᠬᠤᠯᠪᠣᠭᠳᠠᠬᠤ ᠬᠡᠮᠵᠢᠶ᠎ᠡ ᠵᠢᠴᠢ ᠪᠡᠶᠡᠴᠢ ᠬᠤᠣᠷᠲᠤ ᠴᠢᠨᠠᠷ᠂ | ᠬᠥᠮᠥᠨ ᠤ ᠪᠡᠶ᠎ᠡ ᠳᠤ ᠠᠶᠤᠯ ᠤᠴᠠᠷᠠᠭᠤᠯᠬᠤ ᠴᠢᠨᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠡᠭᠦᠨ ᠤ ᠡᠭᠦᠷᠭᠡᠯᠡᠬᠦ ᠶᠣᠰᠣᠲᠠᠢ ᠡᠷᠡᠭᠦᠦ ᠶᠢᠨ | ᠬᠠᠷᠢᠭᠤᠴᠠᠯᠭ᠎ᠠ ᠶᠢ ᠲᠣᠭᠲᠠᠭᠠᠵᠤ ᠪᠣᠯᠣᠨ᠎ᠠ᠃ | ︽ᠰᠠᠨᠠᠯ︾ ᠳᠤ ᠪᠠᠰᠠ ᠤᠯᠤᠰ ᠤᠨ ᠬᠢᠯᠢ ︵ᠬᠢᠵᠠᠭᠠᠷ︶ ᠶᠢ ᠬᠤᠯᠠᠭᠤᠨ ᠳᠠᠪᠠᠭᠰᠠᠨ ᠶᠠᠯ᠎ᠠ ᠶᠢ ᠮᠠᠭᠠᠳᠯᠠᠨ ᠲᠣᠭᠲᠠᠭᠠᠬᠤ ᠠᠰᠠᠭᠤᠳᠠᠯ ᠢ ᠲᠣᠳᠣᠷᠬᠠᠢ | ᠲᠣᠭᠲᠠᠭᠠᠭᠰᠠᠨ ᠪᠥᠭᠡᠳ ᠰᠦᠷᠳᠡᠭᠳᠡᠨ ᠳᠠᠭᠠᠭᠰᠠᠨ ᠬᠡᠷᠡᠭᠲᠡᠨ᠂ ᠪᠡᠶ᠎ᠡ ᠪᠠᠨ ᠲᠤᠰᠢᠶᠠᠭᠰᠠᠨ ᠵᠡᠷᠭᠡ ᠠᠰᠠᠭᠤᠳᠠᠯ ᠳᠤ ᠲᠣᠭᠲᠠᠭᠠᠯ ᠭᠠᠷᠭᠠᠵᠤ᠂ ᠴᠣᠬᠢᠯᠲᠠ ᠥᠭᠴᠦ | ᠵᠠᠰᠠᠬᠤ ᠳᠤ ᠬᠠᠤᠯᠢ ᠴᠠᠭᠠᠵᠠ ᠶᠢᠨ ᠲᠤᠯᠭᠠᠭᠤᠷᠢᠯᠠᠯ ᠬᠠᠩᠭᠠᠪᠠ᠃ ᠣᠨᠴᠠᠯᠢᠭ ᠭᠤᠷᠪᠠ᠄ ᠬᠠᠤᠯᠢ ᠶᠣᠰᠣᠭᠠᠷ ᠴᠣᠬᠢᠯᠲᠠ ᠥᠭᠬᠦ ᠶᠢ ᠪᠠᠷᠢᠮᠲᠠᠯᠠᠵᠤ᠂ ᠬᠢᠯᠢᠰᠳᠡᠭᠦᠯᠬᠦ | ᠦᠭᠡᠢ ᠳᠤᠷ᠎ᠠ ᠪᠠᠷ ᠨᠢ ᠲᠠᠯᠪᠢᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ︽ᠰᠠᠨᠠᠯ︾ ᠳᠤ᠂ ᠬᠠᠤᠯᠢ ᠶᠢ ᠴᠢᠩᠭ᠎ᠠ ᠵᠢᠷᠤᠮᠯᠠᠨ ᠬᠡᠷᠡᠭ ᠰᠢᠢᠳᠪᠦᠷᠢᠯᠡᠵᠦ᠂ | ᠭᠡᠷᠡᠴᠢ ᠪᠠᠷᠢᠮᠲᠠ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠭᠡᠷᠡᠴᠢ ᠪᠠᠷᠢᠮᠲᠠ ᠪᠠᠷ ᠲᠡᠰᠦᠯᠦᠨ ᠲᠣᠭᠲᠠᠭᠠᠬᠤ ᠵᠠᠷᠴᠢᠮ ᠢ ᠲᠤᠭᠤᠰᠢᠯᠠᠭᠤᠯᠵᠤ᠂ ᠭᠡᠷᠡᠴᠢ ᠪᠠᠷᠢᠮᠲᠠ ᠶᠢ | ᠪᠥᠬᠦ ᠲᠠᠯ᠎ᠠ ᠪᠠᠷ ᠴᠤᠭᠯᠠᠭᠤᠯᠤᠨ ᠬᠢᠨᠠᠨ ᠪᠠᠶᠢᠴᠠᠭᠠᠵᠤ᠂ ᠡᠷᠡᠭᠦᠳᠡᠨ ᠰᠢᠬᠠᠵᠤ ᠥᠴᠢᠭᠯᠡᠭᠦᠯᠬᠦ ᠪᠠ ᠰᠦᠷᠳᠡᠭᠦᠯᠬᠦ᠂ ᠥᠳᠥᠭᠡᠬᠦ᠂ ᠮᠡᠬᠡᠯᠡᠬᠦ ᠵᠡᠷᠭᠡ ᠬᠠᠤᠯᠢ ᠪᠤᠰᠤ | ᠠᠷᠭ᠎ᠠ ᠪᠠᠷᠢᠯ ᠢᠶᠠᠷ ᠭᠡᠷᠡᠴᠢ ᠪᠠᠷᠢᠮᠲᠠ ᠴᠤᠭᠯᠠᠭᠤᠯᠬᠤ ᠶᠢ ᠴᠢᠩᠭ᠎ᠠ ᠴᠠᠭᠠᠵᠠᠯᠠᠨ᠂ ᠶᠠᠯ᠎ᠠ ᠬᠢᠭᠰᠡᠨ ᠰᠡᠵᠢᠭᠯᠡᠯᠲᠡᠢ ᠬᠥᠮᠥᠨ᠂ ᠵᠠᠭᠠᠯᠳᠤᠭᠳᠠᠭᠴᠢ ᠶᠢᠨ ᠵᠠᠷᠭᠤᠯᠳᠤᠬᠤ | ᠡᠷᠬᠡ ᠶᠢ ᠭᠦᠢᠴᠡᠳ ᠪᠠᠲᠤᠯᠠᠵᠤ᠂ ᠪᠣᠳᠠᠲᠤ ᠶᠠᠪᠤᠳᠠᠯ ᠢ ᠣᠨᠣᠪᠴᠢᠲᠠᠶ ᠮᠠᠭᠠᠳᠯᠠᠨ ᠲᠣᠭᠲᠠᠭᠠᠵᠤ᠂ ᠬᠠᠤᠯᠢ ᠴᠠᠭᠠᠵᠠ ᠶᠢ ᠵᠥᠪ ᠬᠡᠷᠡᠭᠯᠡᠨ᠂ ᠬᠠᠤᠯᠢ ᠶᠣᠰᠣᠭᠠᠷ ᠲᠥᠪ | ᠭᠤᠤᠯᠴᠢ ᠪᠠᠷ ᠰᠢᠢᠳᠪᠦᠷᠢᠯᠡᠬᠦ ᠶᠢ ᠴᠢᠬᠤᠯᠠᠴᠢᠯᠠᠪᠠ᠃ | ︽ᠰᠠᠨᠠᠯ︾ ᠳᠤ᠂ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠬᠡᠷᠡᠭ ᠢ ᠰᠢᠢᠳᠪᠦᠷᠢᠯᠡᠬᠦ ᠳᠤ ᠠᠭᠤᠴᠢᠯᠠᠬᠤ ᠪᠠ | ᠴᠢᠩᠭ᠎ᠠ ᠰᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠢᠯᠭᠠᠭ᠎ᠠ ᠲᠠᠢ ᠬᠠᠨᠳᠤᠬᠤ᠂ | ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠵᠡᠷᠭᠡ ᠪᠠᠷ ᠬᠡᠷᠡᠭᠯᠡᠬᠦ᠂ ᠶᠠᠯ᠎ᠠ ᠳᠤᠨᠢ ᠲᠣᠬᠢᠷᠠᠭᠤᠯᠤᠨ ᠰᠢᠳᠬᠡᠬᠦ ᠶᠡᠷᠦᠩᠬᠡᠢ ᠱᠠᠭᠠᠷᠳᠠᠯᠭ᠎ᠠ ᠶᠢ ᠳᠤᠷᠠᠳᠴᠤ᠂ ︽ | ᠶᠡᠷᠦᠩᠬᠡᠢ ᠳᠤᠨᠢ ᠴᠢᠩᠭ᠎ᠠ ᠰᠢᠳᠬᠡᠬᠦ︾ ᠶᠢ ᠪᠠᠷᠢᠮᠲᠠᠯᠠᠵᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠭᠠᠯᠳᠤᠯᠭ᠎ᠠ ᠶᠢᠨ ᠲᠠᠰᠤᠯᠤᠯᠲᠠ᠂ ᠡᠷᠡᠭᠦᠦ ᠰᠢᠳᠬᠡᠯ | ᠣᠨᠣᠭᠳᠠᠭᠤᠯᠬᠤ ᠬᠡᠮᠵᠢᠶ᠎ᠡ᠂ ᠡᠳ᠋ ᠬᠥᠷᠥᠩᠭᠡ ᠶᠢᠨ ᠡᠷᠡᠭᠦᠦ ᠶᠢ ᠬᠡᠷᠡᠭᠯᠡᠬᠦ ᠵᠡᠷᠭᠡ ᠲᠠᠯ᠎ᠠ ᠪᠠᠷ ᠴᠢᠩᠭ᠎ᠠ ᠱᠠᠭᠠᠷᠳᠠᠯᠭ᠎ᠠ ᠳᠤᠷᠠᠳᠬᠤ ᠬᠡᠷᠡᠭᠲᠡᠢ︔ ᠪᠠᠰᠠ ︽ᠠᠭᠤᠴᠢᠯᠠᠵᠤ | ᠰᠢᠳᠬᠡᠬᠦ ᠪᠠᠷ ᠴᠢᠩᠭ᠎ᠠ ᠰᠢᠳᠬᠡᠬᠦ︾ ᠶᠢ ᠴᠢᠬᠤᠯᠠᠴᠢᠯᠠᠵᠤ᠂ ᠶᠠᠯᠠᠲᠤ ᠪᠦᠯᠦᠭᠯᠡᠯ ᠳᠠᠬᠢ ᠦᠢᠯᠡ ᠠᠵᠢᠯᠯᠠᠭᠠᠳᠠᠨ ᠤ ᠠᠳᠠᠯᠢ ᠪᠤᠰᠤ ᠪᠠᠶᠢᠷᠢ ᠰᠠᠭᠤᠷᠢ ᠦᠢᠯᠡᠳᠦᠯ ᠢ | ᠦᠨᠳᠦᠰᠦᠯᠡᠨ ᠠᠳᠠᠯᠢ ᠪᠤᠰᠤ ᠡᠷᠡᠭᠦᠦ ᠶᠢᠨ ᠬᠠᠷᠢᠭᠤᠴᠠᠯᠭ᠎ᠠ ᠶᠢ ᠲᠣᠭᠲᠠᠭᠠᠵᠤ᠂ ᠦᠨᠡᠬᠡᠷ ᠪᠡᠶ᠎ᠡ ᠪᠠᠨ ᠲᠤᠰᠢᠶᠠᠭᠰᠠᠨ᠂ ᠭᠠᠪᠢᠶ᠎ᠠ ᠪᠠᠶᠢᠭᠤᠯᠤᠭᠰᠠᠨ ᠵᠡᠷᠭᠡ ᠦᠢᠯᠡ | ᠪᠠᠶᠢᠳᠠᠯ ᠲᠠᠢ ᠬᠥᠮᠥᠰ ᠢ ᠬᠥᠩᠭᠡᠨ ᠢᠶᠠᠷ ᠰᠢᠳᠬᠡᠬᠦ᠂ ᠦᠢᠯᠡ ᠪᠠᠶᠢᠳᠠᠯ ᠢ ᠨᠢ ᠬᠥᠩᠭᠡᠷᠡᠭᠦᠯᠬᠦ ᠵᠢᠴᠢ ᠨᠠᠰᠤᠨ ᠳᠤ ᠦᠯᠦ ᠬᠦᠷᠦᠭᠰᠡᠳ ᠵᠡᠷᠭᠡ ᠣᠨᠴᠠᠭᠠᠢ ᠬᠠᠮᠲᠤᠯᠢᠭ ᠢ | ᠬᠠᠤᠯᠢ ᠶᠣᠰᠣᠭᠠᠷ ᠠᠭᠤᠴᠢᠯᠠᠨ ᠰᠢᠢᠳᠪᠦᠷᠢᠯᠡᠪᠡ᠃ ᠣᠨᠴᠠᠯᠢᠭ ᠳᠥᠷᠪᠡ᠄ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠡᠭᠡᠭᠦᠯᠦᠨ ᠠᠪᠴᠢᠷᠠᠬᠤ ᠶᠢ ᠴᠢᠩᠭᠠᠳᠬᠠᠵᠤ᠂ | ᠡᠳ᠋ ᠬᠥᠷᠥᠩᠭᠡ ᠶᠢᠨ ᠡᠷᠬᠡ ᠠᠰᠢᠭ ᠢ ᠬᠠᠮᠠᠭᠠᠯᠠᠪᠠ᠃ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠬᠡᠷᠡᠭ ᠤᠨ ᠳᠤᠮᠳᠠ᠂ | ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠡᠭᠡᠭᠦᠯᠦᠨ ᠠᠪᠴᠢᠷᠠᠬᠤ ᠠᠵᠢᠯ ᠢ ᠢᠳᠡᠪᠬᠢᠲᠡᠢ ᠥᠷᠨᠢᠭᠦᠯᠬᠦ ᠨᠢ ᠤᠯᠠᠨ ᠲᠦᠮᠡᠨ ᠤ ᠭᠤᠣᠯ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠪᠣᠯᠬᠤ ᠪᠠᠷ ᠪᠠᠷᠠᠬᠤ ᠦᠭᠡᠢ᠂ ᠪᠠᠰᠠ ᠴᠤ ︽ᠡᠳ᠋ ᠮᠥᠩᠭᠦᠨ ᠤ ᠢᠷᠡᠯᠲᠡ ᠶᠢ ᠨᠢ ᠲᠠᠰᠤᠯᠵᠤ︾᠂ ᠠᠵᠤ ᠠᠬᠤᠢ ᠶᠢᠨ ᠰᠠᠭᠤᠷᠢ ᠶᠢ ᠠᠷᠢᠯᠭᠠᠵᠤ᠂ | ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ | ︽ᠰᠠᠨᠠᠯ︾ ᠳᠤ ᠴᠢᠬᠤᠯᠠᠴᠢᠯᠠᠭᠰᠠᠨ ᠨᠢ᠂ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠡᠭᠡᠭᠦᠯᠦᠨ ᠠᠪᠴᠢᠷᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠢᠯᠢ ᠠᠯᠤᠰᠯᠠᠭᠰᠠᠨ ᠶᠠᠯᠠᠲᠤ ᠪᠦᠯᠦᠭᠯᠡᠯ ᠵᠢᠴᠢ ᠲᠡᠭᠦᠨ ᠤ ᠪᠦᠷᠢᠯᠳᠦᠭᠦᠨ ᠤ ᠡᠳ᠋ ᠬᠥᠷᠥᠩᠭᠡ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠬᠢᠨᠠᠨ ᠪᠠᠶᠢᠴᠠᠭᠠᠵᠤ᠂ | ᠬᠡᠷᠡᠭ ᠲᠤ ᠬᠤᠯᠪᠣᠭᠳᠠᠭᠰᠠᠨ ᠲᠠᠩᠰᠠᠨ ᠡᠷᠦᠬᠡ ᠶᠢᠨ ᠪᠡᠯᠡ ᠮᠥᠩᠭᠦ᠂ ᠭᠡᠷ ᠬᠥᠷᠥᠩᠭᠡ᠂ ᠲᠡᠷᠭᠡ ᠬᠥᠰᠬᠡ᠂ ᠦᠨᠡᠲᠦ ᠲᠡᠮᠦᠷᠯᠢᠭ ᠵᠡᠷᠭᠡ ᠬᠡᠷᠡᠭ ᠲᠤ ᠬᠤᠯᠪᠣᠭᠳᠠᠭᠰᠠᠨ | ᠵᠣᠭᠤᠰ ᠮᠥᠩᠭᠦ ᠡᠳ᠋ ᠪᠣᠳᠠᠰ ᠢ ᠬᠠᠤᠯᠢ ᠶᠣᠰᠣᠭᠠᠷ ᠴᠠᠭ ᠲᠤᠬᠠᠢ ᠳᠤ ᠨᠢ ᠪᠠᠶᠢᠴᠠᠭᠠᠨ ᠯᠠᠪᠯᠠᠵᠤ᠂ ᠪᠠᠶᠢᠴᠠᠭᠠᠨ ᠪᠢᠲᠡᠭᠦᠮᠵᠢᠯᠡᠵᠦ᠂ ᠳᠠᠷᠤᠵᠤ ᠠᠪᠴᠤ᠂ | ᠴᠡᠪᠳᠡᠭᠰᠢᠭᠦᠯᠵᠦ᠂ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠡᠭᠡᠭᠦᠯᠦᠨ ᠠᠪᠴᠢᠷᠠᠬᠤ ᠠᠵᠢᠯ ᠢ ᠡᠷᠡᠭᠦᠦ ᠶᠢᠨ ᠵᠠᠷᠭᠤ ᠶᠢᠨ ᠪᠥᠬᠦ ᠶᠠᠪᠤᠴᠠ ᠶᠢᠨ ᠡᠯ᠎ᠡ ᠭᠤᠭᠴᠤᠭ᠎ᠠ ᠳᠤ | ᠲᠤᠭᠤᠰᠢᠯᠠᠭᠤᠯᠬᠤ ᠬᠡᠷᠡᠭᠲᠡᠢ᠃ ᠣᠳᠣᠬᠠᠨ ᠤ ᠬᠢᠯᠢ ᠠᠯᠤᠰᠯᠠᠭᠰᠠᠨ ᠴᠠᠬᠢᠯᠭᠠᠨ ᠮᠡᠬᠡᠯᠡᠯ ᠤᠨ ᠬᠡᠷᠡᠭ ᠤᠨ ᠠᠷᠤ ᠳᠠᠬᠢ ︽ᠪᠡᠯᠡ ᠭᠠᠷᠭᠠᠭᠴᠢ︾᠂ ᠪᠤᠰᠤᠳ ᠵᠣᠬᠢᠶᠠᠨ | ᠪᠠᠶᠢᠭᠤᠯᠤᠭᠴᠢ᠂ ᠤᠳᠤᠷᠢᠳᠤᠭᠴᠢ ᠶᠢᠨ ᠬᠢᠯᠢ ᠶᠢᠨ ᠭᠠᠳᠠᠨ᠎ᠠ ᠳᠤᠲᠠᠭᠠᠵᠤ ᠳᠠᠯᠳᠠᠯᠠᠭᠰᠠᠨ ᠠᠰᠠᠭᠤᠳᠠᠯ ᠳᠤ ᠴᠢᠭᠯᠡᠭᠦᠯᠦᠨ᠂ ︽ᠰᠠᠨᠠᠯ︾ ᠳᠤ ᠪᠠᠰᠠ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠵᠢᠷᠤᠮ ᠢ ᠬᠡᠷᠡᠭᠯᠡᠬᠦ ᠲᠤᠬᠠᠢ ᠰᠠᠨᠠᠭᠤᠯᠤᠮᠵᠢ ᠶᠢᠨ ᠴᠢᠨᠠᠷᠲᠠᠢ ᠲᠣᠭᠲᠠᠭᠠᠯ ᠭᠠᠷᠭᠠᠵᠤ᠂ ᠬᠡᠷᠡᠭ | ᠰᠢᠢᠳᠪᠦᠷᠢᠯᠡᠬᠦ ᠪᠠᠶᠢᠭᠤᠯᠭ᠎ᠠ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠬᠡᠷᠡᠭᠯᠡᠭᠦᠯᠵᠦ᠂ ᠶᠠᠯ᠎ᠠ ᠬᠢᠭᠰᠡᠨ ᠰᠡᠵᠢᠭᠯᠡᠯᠲᠡᠢ ᠬᠥᠮᠥᠨ᠂ ᠵᠠᠭᠠᠯᠳᠤᠭᠳᠠᠭᠴᠢ ᠶᠢᠨ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠵᠢᠴᠢ ᠬᠡᠷᠡᠭ ᠲᠤ ᠬᠤᠯᠪᠣᠭᠳᠠᠭᠰᠠᠨ ᠪᠤᠰᠤᠳ ᠡᠳ᠋ ᠬᠥᠷᠥᠩᠭᠡ ᠶᠢ ᠨᠢ ᠬᠠᠤᠯᠢ ᠶᠣᠰᠣᠭᠠᠷ ᠨᠡᠬᠡᠮᠵᠢᠯᠡᠨ | ᠲᠤᠰᠢᠶᠠᠯᠭᠠᠨ᠎ᠠ᠃ | ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠪᠦᠯᠦᠭᠯᠡᠯ ᠤᠨ ᠮᠠᠭᠠᠳᠯᠠᠨ ᠲᠣᠭᠲᠠᠭᠠᠬᠤ ᠪᠠ ᠮᠡᠬᠡᠯᠡᠭᠰᠡᠨ ᠵᠣᠭᠤᠰ ᠤᠨ ᠲᠤᠭ᠎ᠠ ᠶᠢ | ᠮᠠᠭᠠᠳᠯᠠᠨ ᠲᠣᠭᠲᠠᠭᠠᠬᠤ ᠬᠤᠶᠠᠷ ᠶᠡᠭᠡ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠨ᠎ᠡ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ | ᠶᠠᠯᠠᠲᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠦᠯᠦᠭᠯᠡᠯᠵᠢᠯᠲᠡ᠂ ᠮᠣᠨᠣᠫᠣᠯᠢᠴᠢᠯᠠᠬᠤ᠂ ︽ᠠᠵᠤ ᠦᠢᠯᠡᠳᠪᠦᠷᠢ ᠶᠢᠨ ᠬᠦᠷᠢᠶᠡᠯᠡᠩ︾᠂ ︽ᠨᠡᠭᠡᠭᠡᠨ | ᠬᠥᠭᠵᠢᠭᠦᠯᠬᠦ ᠣᠷᠣᠨ︾ ᠵᠡᠷᠭᠡ ᠨᠡᠷ᠎ᠡ ᠪᠠᠷ ᠡᠳ᠋ ᠮᠥᠩᠭᠦ ᠬᠢᠬᠠᠨ ᠮᠡᠬᠡᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ︽ᠰᠠᠨᠠᠯ︾ ᠳᠤ᠂ ᠶᠠᠯ᠎ᠠ ᠬᠢᠬᠦ ᠲᠠᠯᠠᠪᠤᠷ | ᠬᠠᠩᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠵᠡᠪᠰᠡᠭᠲᠦ ᠥᠮᠥᠭᠯᠡᠯ᠂ ᠠᠵᠢᠯᠲᠠᠨ ᠤ ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠶᠠᠯᠠᠲᠤ | ᠪᠦᠯᠬᠦᠮ ᠤᠨ ᠬᠢᠯᠢ ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠬᠠᠮᠢᠶᠠᠷᠤᠨ ᠡᠵᠡᠮᠳᠡᠬᠦ᠂ ᠬᠢᠬᠠᠬᠤ ᠵᠡᠷᠭᠡ ᠶᠠᠯᠠᠲᠤ ᠠᠵᠢᠯᠯᠠᠭ᠎ᠠ᠂ ᠠᠰᠢᠭ | ᠬᠤᠪᠢᠶᠠᠬᠤ ᠪᠤᠶᠤ ᠬᠠᠮᠢᠶ᠎ᠠ ᠪᠦᠬᠦᠢ ᠵᠠᠷᠤᠳᠠᠯ ᠬᠤᠷᠢᠶᠠᠬᠤ᠂ ᠲᠣᠳᠣᠷᠬᠠᠢ ᠵᠣᠬᠢᠶᠠᠨ ᠪᠠᠶᠢᠭᠤᠯᠤᠭᠴᠢ᠂ ᠤᠳᠤᠷᠢᠳᠤᠭᠴᠢ ᠲᠠᠢ᠂ ᠭᠤᠣᠯᠯᠠᠭᠴᠢ ᠭᠡᠰᠢᠭᠦᠨ ᠲᠣᠭᠲᠠᠮᠠᠯ | ᠪᠤᠶᠤ ᠦᠨᠳᠦᠰᠦᠨ ᠳᠤ ᠪᠠᠨ ᠲᠣᠭᠲᠠᠮᠠᠯ᠂ ᠡᠷᠡᠭᠦᠦ ᠶᠢᠨ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠳᠤ ᠨᠡᠶᠢᠴᠡᠪᠡᠯ᠂ | ᠶᠠᠯᠠᠲᠤ ᠪᠦᠯᠦᠭᠯᠡᠯ ᠢᠶᠠᠷ ᠮᠠᠭᠠᠳᠯᠠᠨ ᠲᠣᠭᠲᠠᠭᠠᠵᠤ᠂ ᠬᠠᠤᠯᠢ ᠶᠣᠰᠣᠭᠠᠷ ᠴᠢᠩᠭ᠎ᠠ ᠰᠢᠢᠳᠬᠡᠬᠦ ᠬᠡᠷᠡᠭᠲᠡᠢ ᠲᠣᠭᠲᠠᠭᠠᠵᠠᠢ᠃ | ︽ᠰᠠᠨᠠᠯ︾ ᠳᠤ ᠶᠠᠯᠠᠲᠤ ᠪᠦᠯᠦᠭᠯᠡᠯ ᠤᠨ ᠮᠠᠭᠠᠳᠯᠠᠨ ᠲᠣᠭᠲᠠᠭᠠᠬᠤ ᠲᠤᠬᠠᠢ ᠲᠣᠳᠣᠷᠬᠠᠢ ᠲᠣᠭᠲᠠᠭᠠᠯ ᠭᠠᠷᠭᠠᠵᠤ᠂ ᠬᠡᠷᠡᠭ ᠰᠢᠢᠳᠪᠦᠷᠢᠯᠡᠬᠦ ᠪᠠᠶᠢᠭᠤᠯᠭ᠎ᠠ ᠶᠢᠨ | ᠶᠠᠯᠠᠲᠤ ᠪᠦᠯᠦᠭᠯᠡᠯ ᠵᠢᠴᠢ ᠲᠡᠭᠦᠨ ᠤ ᠲᠣᠯᠣᠭᠠᠶᠢᠯᠠᠭᠴᠢ ᠡᠲᠡᠭᠡᠳ᠂ ᠪᠤᠰᠤᠳ ᠭᠤᠣᠯ ᠬᠡᠷᠡᠭᠲᠡᠨ ᠢ ᠣᠨᠣᠪᠴᠢᠲᠠᠶ ᠮᠠᠭᠠᠳᠯᠠᠨ ᠲᠣᠭᠲᠠᠭᠠᠬᠤ ᠳᠤ ᠠᠰᠢᠭᠲᠠᠢ ᠪᠠᠶᠢᠵᠤ᠂ | ᠶᠠᠯ᠎ᠠ ᠬᠢᠭᠰᠡᠨ ᠪᠣᠳᠠᠲᠤ ᠬᠡᠷᠡᠭ ᠢ ᠮᠠᠭᠠᠳᠯᠠᠨ ᠲᠣᠭᠲᠠᠭᠠᠬᠤ ᠪᠠ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠰᠠᠭᠤᠷᠢ ᠶᠢ ᠪᠠᠬᠢᠵᠢᠭᠦᠯᠪᠡ᠃ ᠬᠢᠯᠢ | ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠬᠡᠷᠡᠭ ᠤᠨ ᠶᠠᠯᠠᠲᠤ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠢ ᠮᠠᠭᠠᠳᠯᠠᠨ ᠲᠣᠭᠲᠠᠭᠠᠬᠤ ᠳᠤ ᠬᠦᠴᠢᠷᠲᠡᠢ | ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠰᠠᠨᠠᠯ︾ ᠳᠤ᠂ ᠬᠤᠣᠷᠯᠠᠭᠳᠠᠭᠴᠢ ᠵᠢᠴᠢ ᠲᠡᠭᠦᠨ ᠤ ᠪᠣᠳᠠᠲᠠᠢ ᠮᠡᠬᠡᠯᠡᠭᠳᠡᠭᠰᠡᠨ ᠪᠤᠶᠤ ᠬᠢᠬᠠᠭᠳᠠᠭᠰᠠᠨ ᠲᠤᠭ᠎ᠠ | ᠬᠡᠮᠵᠢᠶ᠎ᠡ ᠶᠢ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ ᠦᠶ᠎ᠡ ᠳᠤ᠂ ᠲᠠᠩᠰᠠᠨ ᠡᠷᠦᠬᠡ ᠶᠢᠨ ᠠᠷᠠᠯᠵᠢᠶᠠᠨ ᠤ ᠲᠡᠮᠳᠡᠭᠯᠡᠯ᠂ ᠴᠢᠮᠡᠭᠡ ᠨᠡᠪᠲᠡᠷᠡᠭᠰᠡᠨ ᠬᠤᠯᠪᠣᠭ᠎ᠠ | ᠳᠤᠭᠤᠶᠢᠯᠠᠩ ᠤᠨ ᠵᠣᠭᠤᠭᠳᠠᠭᠰᠠᠨ ᠲᠡᠮᠳᠡᠭᠯᠡᠯ ᠵᠡᠷᠭᠡ ᠭᠡᠷᠡᠴᠢ ᠪᠠᠷᠢᠮᠲᠠ ᠶᠢ ᠦᠨᠳᠦᠰᠦᠯᠡᠨ᠂ ᠶᠠᠯ᠎ᠠ ᠬᠢᠭᠰᠡᠨ ᠰᠡᠵᠢᠭᠯᠡᠯᠲᠡᠢ ᠬᠥᠮᠥᠨ᠂ ᠵᠠᠭᠠᠯᠳᠤᠭᠳᠠᠭᠴᠢ ᠶᠢᠨ | ᠥᠴᠢᠭᠯᠡᠯᠲᠡ ᠲᠠᠢ ᠤᠶᠠᠯᠳᠤᠭᠤᠯᠵᠤ᠂ ᠶᠠᠯ᠎ᠠ ᠬᠢᠭᠰᠡᠨ ᠲᠤᠭ᠎ᠠ ᠬᠡᠮᠵᠢᠶ᠎ᠡ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠵᠤ ᠪᠣᠯᠣᠨ᠎ᠠ︔ ᠬᠢᠯᠢ ᠠᠯᠤᠰᠯᠠᠭᠰᠠᠨ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠤᠨ ᠪᠦᠯᠦᠭᠯᠡᠯ ᠤᠨ ᠶᠠᠯᠠᠲᠤ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠢ ᠲᠤᠰ ᠶᠠᠯᠠᠲᠤ ᠪᠦᠯᠦᠭᠯᠡᠯ ᠤᠨ ᠬᠠᠮᠢᠶᠠᠷᠤᠨ ᠡᠵᠡᠮᠳᠡᠵᠦ | ᠪᠠᠶᠢᠭ᠎ᠠ ᠶᠠᠯᠠᠲᠤ ᠪᠦᠯᠬᠦᠮ ᠤᠨ ᠢᠶᠠᠨ ᠠᠰᠢᠭ ᠬᠤᠪᠢᠶᠠᠬᠤ ᠪᠤᠶᠤ ᠰᠦᠢᠳᠬᠡᠯ ᠬᠤᠷᠢᠶᠠᠬᠤ ᠲᠤᠭ᠎ᠠ ᠬᠡᠮᠵᠢᠶ᠎ᠡ ᠪᠠ ᠠᠷᠭ᠎ᠠ ᠮᠠᠶ᠋ᠢᠭ ᠢ ᠦᠨᠳᠦᠰᠦᠯᠡᠨ ᠨᠤᠭᠤᠯᠤᠨ | ᠪᠤᠳᠤᠵᠤ ᠪᠣᠯᠣᠨ᠎ᠠ᠃ | ︽ᠰᠠᠨᠠᠯ︾ ᠳᠤ ᠪᠠᠰᠠ ᠶᠠᠯᠠᠲᠤ ᠪᠦᠯᠦᠭᠯᠡᠯ ᠤᠨ ᠲᠤᠭ᠎ᠠ ᠬᠡᠮᠵᠢᠶ᠎ᠡ ᠶᠢ ᠣᠨᠴᠠᠭᠠᠶ ᠮᠠᠭᠠᠳᠯᠠᠨ ᠲᠣᠭᠲᠠᠭᠠᠬᠤ ᠠᠷᠭ᠎ᠠ ᠬᠡᠯᠪᠡᠷᠢ ᠶᠢ ᠲᠣᠭᠲᠠᠭᠠᠵᠤ᠂ ᠬᠢᠯᠢ | ᠠᠯᠤᠰᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠪᠦᠯᠦᠭᠯᠡᠯ ᠤᠨ ᠶᠠᠯᠠᠲᠤ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠢ ᠪᠠᠶᠢᠴᠠᠭᠠᠨ ᠲᠣᠳᠣᠯᠠᠬᠤ ᠳᠤ | ᠬᠦᠴᠢᠷᠲᠡᠢ ᠪᠠᠶᠢᠬᠤ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠴᠢᠩᠭ᠎ᠠ ᠴᠣᠬᠢᠯᠲᠠ ᠥᠭᠬᠦ ᠵᠣᠭᠰᠣᠯᠲᠠ ᠶᠢ ᠢᠯᠡᠷᠡᠭᠦᠯᠪᠡ᠃ | |