︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠲᠠᠭᠠᠮᠵᠢᠲᠠᠶ ᠪᠣᠯᠭᠤᠮᠵᠢᠲᠠᠶ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠨᠠᠷᠢᠨ ᠳᠠᠩᠰᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/11
    ᠨᠢᠭᠡ᠂ ︽ᠨᠠᠷᠢᠨ ᠳᠠᠩᠰᠠ︾ ᠶᠢ ᠲᠤᠭᠤᠷᠪᠢᠬᠤ ᠶᠢᠨ ᠴᠢᠬᠤᠯᠠ ᠴᠢᠨᠠᠷ    ︽ᠵᠣᠭᠤᠰ ᠢᠶᠠᠷ ᠲᠣᠷᠭᠠᠬᠤ ᠶᠢ ᠲᠣᠭᠲᠠᠭᠠᠬᠤ ᠪᠠ ᠬᠡᠷᠡᠭᠵᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ᠢ ᠭᠦᠨᠵᠡᠭᠡᠶ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠮᠳᠠᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠲᠠᠭᠠᠮᠵᠢᠲᠠᠶ ᠪᠣᠯᠭᠤᠮᠵᠢᠲᠠᠶ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠨᠠᠷᠢᠨ ᠳᠠᠩᠰᠠ︾ ᠶᠢ ᠲᠣᠭᠲᠠᠭᠠᠵᠤ᠂ ︽ᠤᠶᠠᠨ ᠴᠢᠨᠠᠷᠲᠠᠶ ᠬᠠᠤᠯᠢ ᠬᠡᠷᠡᠭᠵᠢᠭᠦᠯᠬᠦ︾ ᠬᠠᠮᠢᠶ᠎ᠠ ᠪᠥᠬᠦᠶ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠵᠣᠷᠢᠯᠭ᠎ᠠ ᠪᠠᠨ ᠪᠣᠯᠭᠠᠪᠠ᠃    ᠬᠤᠶᠠᠷ᠂ ︽ᠨᠠᠷᠢᠨ ᠳᠠᠩᠰᠠ︾ ᠶᠢᠨ ᠭᠤᠤᠯ ᠠᠭᠤᠯᠭ᠎ᠠ    ︽ᠨᠠᠷᠢᠨ ᠳᠠᠩᠰᠠ︾ ᠳᠤ ︽ᠬᠠᠤᠯᠢ ᠶᠢ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠶᠢ ᠦᠯᠦ ᠰᠢᠢᠳᠭᠡᠬᠦ ᠲᠣᠳᠣᠷᠬᠠᠢ ᠬᠠᠭᠤᠳᠠᠰᠤ︾ ︵33 ᠵᠦᠢᠯ︶ ︽ᠬᠠᠤᠯᠢ ᠶᠢ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠶᠢ ᠬᠦᠡᠭᠭᠡᠨ ᠰᠢᠢᠳᠭᠡᠬᠦ ᠲᠣᠳᠣᠷᠬᠠᠢ ᠬᠠᠭᠤᠳᠠᠰᠤ︾ ︵6 ᠵᠦᠢᠯ︶ ᠪᠠ ︽ᠬᠠᠤᠯᠢ ᠶᠢ ᠬᠥᠩᠭᠡᠪᠲᠦᠷ ᠵᠥᠷᠢᠴᠡᠭᠰᠡᠨ ᠢ ᠮᠡᠳᠡᠭᠳᠡᠬᠦ ᠠᠮᠠᠯᠠᠯᠲᠠ ᠶᠢᠨ ᠪᠢᠴᠢᠭ︾ ︵︽ᠰᠢᠢᠳᠭᠡᠯ ᠦᠯᠦ ᠥᠭᠬᠦ ᠨᠠᠷᠢᠨ ᠳᠠᠩᠰᠠ︾ ᠲᠠᠢ ᠢᠵᠢ ᠪᠦᠷᠢᠳᠦᠭᠦᠯᠦᠨ ᠬᠡᠷᠡᠭᠯᠡᠨ᠎ᠡ︶ ᠵᠡᠷᠭᠡ ᠪᠠᠭᠲᠠᠨ᠎ᠠ᠃    ︽ᠨᠠᠷᠢᠨ ᠲᠠᠩᠰᠠ︾ ᠳᠤ ᠬᠠᠤᠯᠢ ᠠᠴᠠ ᠵᠥᠷᠢᠴᠡᠭᠰᠡᠨ ᠵᠦᠢᠯᠡᠰ ᠲᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠠᠯ᠎ᠠ ᠠᠴᠠ ᠦᠵᠡᠪᠡᠯ᠂ ︽ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠲᠦᠷᠢᠮ︾ ᠵᠡᠷᠭᠡ ᠵᠠᠰᠠᠭ ᠵᠠᠬᠢᠷᠭᠠᠨ ᠤ ᠬᠠᠤᠯᠢ ᠲᠣᠭᠲᠠᠭᠠᠯ 3 ᠵᠦᠢᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠲᠦᠷᠢᠮ ᠲᠣᠭᠲᠠᠭᠠᠯ 2 ᠵᠦᠢᠯ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ 1 ᠵᠦᠢᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ 1 ᠵᠦᠢᠯ ᠪᠠᠶᠢᠨ᠎ᠠ᠃ ᠴᠠᠭᠳᠠᠭᠠᠨ ᠤ ᠰᠠᠯᠠᠭ᠎ᠠ ᠮᠥᠴᠢᠷ ᠠᠴᠠ ᠦᠵᠡᠪᠡᠯ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ 16 ᠵᠦᠢᠯ᠂ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ ᠮᠥᠴᠢᠷ 6 ᠵᠦᠢᠯ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ 12 ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠰᠠᠯᠠᠭ᠎ᠠ ᠮᠥᠴᠢᠷ 5 ᠵᠦᠢᠯ ᠪᠠᠶᠢᠨ᠎ᠠ︔ ᠦᠯᠦ ᠰᠢᠳᠬᠡᠬᠦ᠂ ᠬᠦᠩᠭᠡᠨ ᠢᠶᠠᠷ ᠰᠢᠳᠬᠡᠬᠦ ᠬᠠᠤᠯᠢ ᠴᠠᠭᠠᠵᠠ ᠶᠢᠨ ᠦᠨᠳᠦᠰᠦᠯᠡᠯ ᠠᠴᠠ ᠦᠵᠡᠪᠡᠯ᠂ ᠴᠥᠮ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠶᠢᠨ ᠭᠤᠴᠢᠨ ᠬᠤᠶᠠᠳᠤᠭᠠᠷ ᠵᠦᠢᠯ᠂ ᠭᠤᠴᠢᠨ ᠭᠤᠷᠪᠠᠳᠤᠭᠠᠷ ᠵᠦᠢᠯ ᠤᠨ ᠦᠯᠦ ᠰᠢᠢᠳᠭᠡᠬᠦ᠂ ᠬᠦᠩᠭᠡᠨ ᠢᠶᠠᠷ ᠰᠢᠢᠳᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠦ ᠪᠠᠶᠢᠨ᠎ᠠ᠃    ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠠᠴᠠ ᠦᠵᠡᠪᠡᠯ᠂ ᠬᠠᠤᠯᠢ ᠶᠢ ᠬᠥᠩᠭᠡᠪᠲᠦᠷ ᠵᠥᠷᠢᠴᠡᠭᠰᠡᠨ ᠠᠵᠢᠯᠯᠠᠭ᠎ᠠ ᠶᠢ ᠮᠡᠳᠡᠭᠳᠡᠬᠦ ᠠᠮᠠᠯᠠᠯᠲᠠ ᠶᠢᠨ ᠳᠦᠷᠢᠮ ᠢ ᠠᠩᠬ᠎ᠠ ᠤᠳᠠᠭ᠎ᠠ ᠬᠡᠷᠡᠭᠵᠢᠭᠦᠯᠵᠦ᠂ ᠰᠢᠢᠳᠭᠡᠯ ᠥᠭᠬᠦ ᠦᠭᠡᠶ ᠭᠡᠵᠦ ᠲᠣᠭᠲᠠᠭᠠᠭᠰᠠᠨ ᠤ ᠳᠠᠷᠠᠭ᠎ᠠ ᠲᠤᠬᠠᠶ ᠶᠢᠨ ᠬᠥᠮᠦᠨ ᠢ ᠰᠢᠭᠦᠮᠵᠢᠯᠡᠨ ᠰᠤᠷᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠬᠠᠤᠯᠢ ᠲᠣᠭᠲᠠᠭᠠᠯ ᠢ ᠵᠥᠷᠢᠴᠡᠭᠰᠡᠨ ᠠᠭᠤᠯᠭ᠎ᠠ ᠶᠢ ᠲᠣᠳᠣᠷᠬᠠᠶ ᠮᠡᠳᠡᠭᠳᠡᠬᠦ ᠶᠢᠨ ᠬᠠᠮᠲᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠲᠣᠳᠣᠷᠬᠠᠶ ᠮᠡᠳᠡᠭᠳᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠭᠦᠢᠴᠡᠳ ᠠᠭᠤᠰᠬᠠᠨ ᠣᠷᠣᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠤᠯᠢ ᠶᠣᠰᠣᠭᠠᠷ ᠡᠵᠡᠩᠨᠡᠬᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠬᠥᠲᠥᠯᠥᠨ ᠵᠢᠯᠣᠭᠤᠳᠪᠠ᠃    ᠭᠤᠷᠪᠠ᠂ ︽ᠲᠣᠳᠣᠷᠬᠠᠢ ᠬᠠᠭᠤᠳᠠᠰᠤ︾ ᠶᠢ ᠲᠤᠭᠤᠷᠪᠢᠭᠰᠠᠨ ᠶᠠᠪᠤᠴᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶᠡᠨ ᠤ ᠠᠯᠪᠠᠨ ᠰᠦᠯᠵᠢᠶ᠎ᠡ ᠶᠢᠨ ᠴᠠᠭᠳᠠᠭ᠎ᠠ ᠠᠷᠠᠳ ᠤᠨ ᠬᠠᠷᠢᠯᠴᠠᠨ ᠬᠥᠳᠡᠯᠦᠯᠴᠡᠬᠦ ᠪᠤᠯᠤᠩ ᠳᠤ 15 ᠠᠵᠢᠯᠯᠠᠬᠤ ᠡᠳᠦᠷ ᠤᠨ ᠠᠯᠪᠠᠨ ᠵᠠᠷ ᠨᠡᠶᠢᠲᠡᠯᠡᠵᠦ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠡᠯ᠎ᠡ ᠲᠠᠯ᠎ᠠ ᠶᠢᠨ ᠬᠢᠨ ᠤ ᠰᠠᠨᠠᠯ ᠢ ᠶᠡᠷᠦᠩᠬᠡᠶᠢᠯᠡᠭᠰᠡᠨ ᠪᠥᠭᠡᠳ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠨᠠᠨ ᠶᠠᠷᠢᠯᠴᠠᠵᠤ ᠪᠠᠲᠤᠯᠠᠬᠤ ᠪᠠᠷ ᠳᠠᠮᠵᠢᠭᠤᠯᠤᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ