ᠵᠠᠯᠠᠶᠢᠨᠠᠭᠤᠷ ᠲᠣᠭᠤᠷᠢᠭ ᠤᠨ ᠪᠠᠶᠢᠭᠠᠯᠢ ᠶᠢᠨ ᠭᠠᠵᠠᠷ ᠵᠦᠢ
ᠨᠡᠶᠢᠲᠡᠯᠡᠭᠰᠡᠨ ᠴᠠᠭ᠄
2024/12/17
    ᠭᠠᠵᠠᠷ ᠵᠦᠢ ᠶᠢᠨ ᠪᠠᠶᠢᠷᠢᠯᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠪᠠᠷᠠᠭᠤᠨ ᠬᠤᠶᠢᠲᠤ ᠬᠡᠰᠡᠭ ᠲᠤ ᠪᠠᠶᠢᠷᠢᠰᠢᠵᠤ᠂ ᠤᠮᠠᠷᠠᠲᠤ ᠥᠷᠭᠡᠷᠢᠭ ᠤᠨ 49。19、~ 46、᠂ ᠵᠡᠭᠦᠨ ᠤᠷᠲᠤᠷᠢᠭ ᠤᠨ 117。12、~ 53、 ᠤᠨ ᠬᠤᠭᠤᠷᠣᠨᠳᠤ ᠪᠠᠶᠢᠷᠢᠰᠢᠵᠤ᠂ ᠵᠡᠭᠦᠨ ᠤᠷᠲᠤᠷᠢᠭ ᠤᠨ 117。12、~ 53、 ᠤᠨ ᠬᠤᠭᠤᠷᠣᠨᠳᠤ ᠪᠠᠶᠢᠷᠢᠰᠢᠵᠤ᠂ ᠵᠡᠭᠦᠨ ᠲᠠᠯ᠎ᠠ ᠪᠠᠷ ᠢᠶᠠᠨ ᠮᠠᠨᠵᠤᠤᠷ ᠬᠤᠲᠠ ᠵᠢᠴᠢ ᠰᠢᠨ᠎ᠡ ᠪᠠᠷᠭᠤ ᠵᠡᠭᠦᠨ ᠬᠤᠰᠢᠭᠤ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠬᠥᠯᠥᠨ ᠨᠠᠭᠤᠷ ᠲᠠᠢ ᠬᠠᠪᠢᠳᠠᠵᠤ᠂ ᠪᠠᠷᠠᠭᠤᠨ᠂ ᠡᠮᠦᠨ᠎ᠡ ᠲᠠᠯ᠎ᠠ ᠪᠠᠷ ᠢᠶᠠᠨ ᠰᠢᠨ᠎ᠡ ᠪᠠᠷᠭᠤ ᠪᠠᠷᠠᠭᠤᠨ ᠬᠤᠰᠢᠭᠤ ᠲᠠᠢ ᠵᠠᠬ᠎ᠠ ᠨᠡᠶᠢᠯᠡᠵᠦ᠂ ᠬᠤᠶᠢᠲᠤ ᠲᠠᠯ᠎ᠠ ᠪᠠᠷ ᠢᠶᠠᠨ ᠮᠠᠨᠵᠤᠤᠷ ᠬᠤᠲᠠ ᠲᠠᠢ ᠵᠠᠬ᠎ᠠ ᠨᠡᠶᠢᠯᠡᠵᠦ ᠪᠠᠶᠢᠨ᠎ᠠ᠃    ᠭᠠᠵᠠᠷ ᠤᠨ ᠪᠠᠶᠢᠴᠠ ᠶᠢᠨ ᠣᠨᠴᠠᠯᠢᠭ᠄ ᠨᠡᠶᠢᠲᠡᠯᠢᠭ ᠰᠢᠨ᠎ᠡ ᠠᠮᠢᠳᠤ ᠡᠷᠢᠨ ᠤ ᠪᠠᠷᠢᠮᠵᠢᠶᠠᠲᠤ ᠲᠠᠯ᠎ᠠ ᠭᠠᠵᠠᠷ ᠤᠨ ᠭᠠᠵᠠᠷ ᠤᠨ ᠲᠥᠷᠬᠦ ᠪᠠᠶᠢᠵᠤ᠂ ᠳᠠᠯᠠᠶ ᠶᠢᠨ ᠲᠦᠪᠰᠢᠨ ᠠᠴᠠ 545 ~ 600 ᠮᠧᠳ᠋ᠷ ᠤᠨ ᠬᠤᠭᠤᠷᠣᠨᠳᠤ ᠡᠷᠭᠦᠭᠳᠡᠵᠡᠢ᠃    ᠪᠠᠶᠢᠭᠠᠯᠢ ᠶᠢᠨ ᠡᠬᠢ ᠪᠠᠶᠠᠯᠢᠭ᠄ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠯ᠎ᠠ ᠪᠠᠷ᠂ ᠬᠢᠯᠢ ᠶᠢᠨ ᠳᠣᠲᠣᠷ᠎ᠠ ᠨᠢᠭᠡᠨᠲᠡ ᠬᠠᠶᠢᠨ ᠲᠣᠳᠣᠯᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠬᠦᠷᠡᠩ ᠨᠡᠭᠦᠷᠡᠰᠦ᠂ ᠪᠤᠴᠠᠯᠭᠠᠭᠤᠷ ᠴᠢᠯᠠᠭᠤ᠂ ᠰᠤᠪᠤᠳ ᠤᠨ ᠴᠢᠯᠠᠭᠤᠯᠢᠭ᠂ ᠮᠠᠨᠤ ᠵᠡᠷᠭᠡ 10 ᠭᠠᠷᠤᠢ ᠵᠦᠢᠯ ᠪᠤᠶ᠃ ᠨᠡᠭᠦᠷᠡᠰᠦᠨ ᠤ ᠡᠬᠢ ᠪᠠᠶᠠᠯᠢᠭ ᠢᠶᠠᠷ ᠭᠤᠣᠯ ᠪᠣᠯᠭᠠᠵᠤ᠂ 4 ᠨᠡᠭᠦᠷᠡᠰᠦᠨ ᠳᠠᠪᠬᠤᠷᠭ᠎ᠠ ᠶᠢᠨ ᠪᠦᠯᠦᠭ ᠲᠠᠢ᠂ ᠨᠡᠭᠦᠷᠡᠰᠦᠨ ᠤ ᠰᠢᠰᠲ᠋ᠧᠮ ᠤᠨ ᠶᠡᠷᠦᠩᠬᠡᠢ ᠵᠤᠵᠠᠭᠠᠨ ᠨᠢ 82 ᠮᠧᠳ᠋ᠷ᠂ ᠨᠡᠭᠦᠷᠡᠰᠦᠨ ᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠨᠢ 100 ᠳ᠋ᠦᠩᠰᠢᠭᠤᠷ ᠲᠣᠨ᠂ ᠮᠠᠯᠲᠠᠵᠤ ᠪᠣᠯᠬᠤ ᠬᠠᠳᠠᠭᠠᠯᠠᠭᠳᠠᠴᠠ ᠨᠢ 28.8 ᠳ᠋ᠦᠩᠰᠢᠭᠤᠷ ᠲᠣᠨ᠂ ᠨᠡᠶᠢᠲᠡ ᠬᠠᠶᠢᠨ ᠲᠣᠳᠣᠯᠠᠭᠰᠠᠨ ᠬᠠᠳᠠᠭᠠᠯᠠᠭᠳᠠᠴᠠ ᠨᠢ 88.4 ᠳ᠋ᠦᠩᠰᠢᠭᠤᠷ ᠲᠣᠨ᠂ ᠨᠡᠭᠦᠷᠡᠰᠦᠨ ᠤ ᠲᠥᠷᠥᠯ ᠵᠦᠢᠯ ᠨᠢ ᠬᠦᠷᠡᠩ ᠨᠡᠭᠦᠷᠡᠰᠦ᠂ ᠨᠡᠭᠦᠷᠡᠰᠦᠨ ᠤ ᠬᠦᠬᠦᠷ ᠤᠨ ᠠᠭᠤᠯᠤᠭᠳᠠᠴᠠ ᠳᠣᠣᠷ᠎ᠠ᠂ ᠶᠡᠭᠡ ᠬᠡᠪᠴᠢᠶ᠎ᠡ ᠪᠠᠷ ᠮᠧᠬᠠᠨᠢᠭᠵᠢᠭᠤᠯᠤᠨ ᠨᠡᠭᠡᠭᠡᠨ ᠮᠠᠯᠲᠠᠬᠤ ᠳᠤ ᠲᠣᠬᠢᠷᠠᠮᠵᠢᠲᠠᠢ ᠪᠠᠶᠢᠨ᠎ᠠ᠃ ᠥᠩᠭᠡ ᠦᠵᠡᠮᠵᠢ ᠶᠢᠨ ᠡᠬᠢ ᠪᠠᠶᠠᠯᠢᠭ ᠤᠨ ᠲᠠᠯ᠎ᠠ ᠪᠠᠷ᠂ ᠤᠯᠤᠰ ᠤᠨ ᠬᠤᠶᠠᠳᠤᠭᠠᠷ ᠲᠥᠷᠥᠯ ᠤᠨ ᠰᠠᠯᠬᠢᠨ ᠤ ᠬᠦᠴᠦᠨ ᠤ ᠡᠬᠢ ᠪᠠᠶᠠᠯᠢᠭ ᠤᠨ ᠣᠷᠣᠨ ᠳᠤ ᠬᠠᠷᠢᠶᠠᠯᠠᠭᠳᠠᠵᠤ᠂ ᠵᠢᠯ ᠤᠨ ᠳᠤᠮᠳᠠᠴᠢ ᠨᠡᠷᠡᠨ ᠤ ᠲᠤᠰᠤᠯᠲᠠ ᠶᠢᠨ ᠴᠠᠭ ᠨᠢ ᠪᠠᠷᠤᠭ 2868 ᠴᠠᠭ ᠪᠠᠶᠢᠳᠠᠭ᠃ ᠤᠰᠤᠨ ᠤ ᠡᠬᠢ ᠪᠠᠶᠠᠯᠢᠭ ᠤᠨ ᠲᠠᠯ᠎ᠠ ᠪᠠᠷ᠂ ᠪᠥᠬᠦ ᠬᠢᠯᠢ ᠨᠢ ᠡᠷᠭᠦᠨ᠎ᠡ ᠭᠤᠣᠯ ᠤᠨ ᠰᠠᠪᠠ ᠭᠠᠵᠠᠷ ᠲᠤ ᠬᠠᠷᠢᠶᠠᠯᠠᠭᠳᠠᠵᠤ᠂ ᠬᠢᠯᠢ ᠶᠢᠨ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ ᠤᠨ ᠲᠠᠷᠬᠠᠯᠲᠠ ᠥᠷᠭᠡᠨ ᠳᠡᠯᠭᠡᠷ᠂ ᠤᠰᠤᠨ ᠤ ᠡᠬᠢ ᠪᠠᠶᠠᠯᠢᠭ ᠡᠯᠪᠡᠭ ᠪᠠᠶᠠᠯᠢᠭ᠂ ᠬᠠᠶᠢᠯᠠᠷ ᠭᠤᠣᠯ ᠤᠨ ᠵᠢᠯ ᠤᠨ ᠳᠤᠮᠳᠠᠴᠢ ᠤᠷᠤᠰᠬᠠᠯ ᠤᠨ ᠬᠡᠮᠵᠢᠶ᠎ᠡ ᠪᠠᠷᠤᠭ 30.4 ᠳ᠋ᠦᠩᠰᠢᠭᠤᠷ ᠺᠤᠸᠠᠲ ᠮᠧᠳ᠋ᠷ ᠲᠤ ᠬᠦᠷᠴᠦ᠂ ᠰᠢᠨ ᠺᠠᠢ ᠾᠧ ᠭᠤᠣᠯ ᠤᠨ ᠵᠢᠯ ᠤᠨ ᠤᠷᠤᠰᠬᠠᠯ ᠤᠨ ᠬᠡᠮᠵᠢᠶ᠎ᠡ ᠪᠠᠷᠤᠭ 110 ᠲᠦᠮᠡᠨ ᠺᠤᠸᠠᠲ ᠮᠧᠳ᠋ᠷ ᠲᠤ ᠬᠦᠷᠴᠦ᠂ ᠬᠥᠯᠥᠨ ᠨᠠᠭᠤᠷ ᠤᠨ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ ᠨᠢ ᠪᠠᠷᠤᠭ 138.5 ᠳ᠋ᠦᠩᠰᠢᠭᠤᠷ ᠺᠤᠸᠠᠲ ᠮᠧᠳ᠋ᠷ ᠲᠤ ᠬᠦᠷᠴᠡᠢ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ