ᠵᠠᠯᠠᠶᠢᠨᠠᠭᠤᠷ ᠲᠣᠭᠤᠷᠢᠭ ᠤᠨ ᠲᠡᠦᠬᠡ ᠶᠢᠨ ᠤᠯᠠ ᠮᠥᠷ
ᠨᠡᠶᠢᠲᠡᠯᠡᠭᠰᠡᠨ ᠴᠠᠭ᠄
2024/12/17
    ᠬᠠᠭᠤᠴᠢᠨ ᠴᠢᠯᠠᠭᠤᠨ ᠵᠡᠪᠰᠡᠭ ᠤᠨ ᠴᠠᠭ ᠦᠶ᠎ᠡ ᠳᠤ ᠵᠠᠯᠠᠶᠢᠨᠠᠭᠤᠷ ᠤᠨ ᠬᠥᠮᠦᠨ ᠠᠳᠡ ᠬᠥᠳᠡᠯᠭᠡᠭᠡᠨ ᠬᠢᠵᠦ ᠪᠠᠶᠢᠵᠠᠶ᠃ ᠱᠠᠩ ᠤᠯᠤᠰ᠂ ᠵᠠᠯᠠᠶᠢᠨᠠᠭᠤᠷ ᠣᠷᠣᠨ ᠨᠢ ᠰᠦᠱᠤᠨ ᠪᠣᠯᠤᠨ ᠳ᠋ᠦᠩᠬᠤ ᠨᠠᠭᠤᠷ ᠤᠨ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠵᠤ᠂ ᠱᠠᠩ ᠤᠯᠤᠰ ᠲᠤ ᠠᠯᠪᠠ ᠪᠠᠷᠢᠵᠤ ᠪᠠᠢᠵᠠᠢ᠃    ᠵᠧᠤ ᠤᠯᠤᠰ ᠤᠨ ᠦᠶ᠎ᠡ ᠠᠴᠠ ᠴᠢᠨ ᠤᠯᠤᠰ ᠤᠨ ᠦᠶ᠎ᠡ ᠬᠦᠷᠲᠡᠯ᠎ᠡ᠂ ᠳ᠋ᠦᠩᠬᠤ ᠳᠤ ᠬᠠᠷᠢᠶᠠᠯᠠᠭᠳᠠᠨ᠎ᠠ᠃    ᠪᠠᠷᠠᠭᠤᠨ ᠬᠠᠨ ᠤᠯᠤᠰ ᠾᠦᠩᠨᠦ ᠶᠢᠨ ᠽᠦᠸᠧ ᠰᠢᠶᠠᠨ ᠸᠠᠩ ᠤᠨ ᠣᠷᠳᠣᠨ ᠤ ᠬᠠᠷᠢᠶᠠᠨ ᠳᠤ ᠬᠠᠷᠢᠶᠠᠯᠠᠭᠳᠠᠨ᠎ᠠ᠃ ᠬᠤᠶᠠᠷ ᠬᠠᠨ ᠤᠯᠤᠰ ᠤᠨ ᠰᠣᠯᠢᠭᠳᠠᠯ ᠤᠨ ᠦᠶ᠎ᠡ ᠳᠤ᠂ ᠰᠢᠶᠡᠨᠪᠢ ᠶᠢᠨ ᠲᠣᠪᠠ ᠠᠶᠢᠮᠠᠭ ᠡᠮᠦᠨᠡᠰᠢ ᠳᠠᠯᠠᠢ ᠨᠠᠭᠤᠷ ᠣᠷᠴᠢᠮ ᠨᠡᠭᠦᠵᠦ᠂ ᠵᠡᠭᠦᠨ ᠬᠠᠨ ᠤᠯᠤᠰ ᠤᠨ ᠰᠡᠭᠦᠯᠴᠢ ᠪᠣᠯᠬᠤ ᠳᠤ ᠵᠠᠯᠠᠶᠢᠨᠠᠭᠤᠷ ᠣᠷᠣᠨ ᠨᠢ ᠲᠡᠭᠦᠨ ᠤ ᠬᠠᠷᠢᠶᠠᠲᠤ ᠭᠠᠵᠠᠷ ᠪᠠᠢᠵᠠᠢ᠃    ᠡᠮᠦᠨᠡᠲᠦ ᠤᠮᠠᠷᠠᠲᠤ ᠲᠥᠷᠥ ᠶᠢᠨ ᠦᠶ᠎ᠡ ᠳᠤ᠂ ᠷᠡᠥᠷᠠᠨ᠂ ᠲᠦᠷᠺ ᠣᠷᠣᠨ ᠳᠤ ᠪᠠᠶᠢᠪᠠ᠃    ᠰᠦᠶ ᠤᠯᠤᠰ ᠤᠨ ᠦᠶ᠎ᠡ ᠳᠤ᠂ ᠲᠦᠷᠺ ᠤᠨ ᠡᠮᠦᠨᠡᠲᠦ ᠱᠢᠸᠧᠶ ᠳᠤ ᠬᠠᠷᠢᠶᠠᠯᠠᠭᠳᠠᠨ᠎ᠠ᠃    ᠲᠠᠩ ᠤᠯᠤᠰ ᠤᠨ ᠦᠶ᠎ᠡ ᠳᠤ᠂ ᠪᠠᠷᠠᠭᠤᠨ ᠰᠢᠭᠤᠢ ᠳᠤ ᠬᠠᠷᠢᠶᠠᠯᠠᠭᠳᠠᠵᠤ᠂ ᠰᠢᠭᠤᠢ ᠳ᠋ᠦ᠋ ᠵᠠᠬᠢᠷᠭ᠎ᠠ ᠶᠢᠨ ᠣᠷᠳᠤᠨ ᠳᠤ ᠬᠠᠮᠢᠶᠠᠷᠤᠭᠳᠠᠵᠤ ᠪᠠᠶᠢᠪᠠ᠃    ᠯᠢᠶᠣᠤ ᠤᠯᠤᠰ ᠤᠨ ᠦᠶ᠎ᠡ ᠳᠤ᠂ ᠬᠢᠳᠠᠨ᠂ ᠤᠭᠤᠤ ᠶᠢᠨ ᠰᠠᠭᠤᠭ᠎ᠠ ᠭᠠᠵᠠᠷ ᠲᠤ ᠬᠠᠷᠢᠶᠠᠯᠠᠭᠳᠠᠵᠤ᠂ ᠪᠡᠭᠡᠵᠢᠩ ᠣᠷᠣᠬᠤ ᠵᠠᠮ ᠳᠠᠬᠢ ᠤᠭᠤᠤᠳᠢᠯᠢ ᠶᠢᠨ ᠴᠡᠷᠢᠭ ᠵᠠᠬᠢᠷᠬᠤ ᠬᠡᠯᠲᠡᠰ ᠲᠤ ᠬᠠᠷᠢᠶᠠᠯᠠᠭᠳᠠᠨ᠎ᠠ᠃    ᠠᠯᠲᠠᠨ ᠤᠯᠤᠰ ᠤᠨ ᠦᠶ᠎ᠡ ᠳᠤ ᠲᠠᠲ᠋ᠠᠷ ᠤᠨ ᠰᠠᠭᠤᠭ᠎ᠠ ᠭᠠᠵᠠᠷ ᠪᠣᠯᠵᠤ᠂ ᠵᠡᠭᠦᠨ ᠬᠤᠶᠢᠲᠤ ᠵᠠᠮ ᠤᠨ ᠴᠡᠷᠢᠭ ᠡᠯᠰᠡᠬᠦ ᠵᠤᠷᠭᠠᠨ ᠳᠤ ᠬᠠᠷᠢᠶᠠᠯᠠᠭᠳᠠᠵᠤ ᠪᠠᠶᠢᠪᠠ᠃ ᠮᠣᠩᠭᠤᠯ ᠤᠨ ᠲᠠᠶᠢᠽᠦ ᠶᠢᠨ ᠶᠢᠰᠦᠳᠦᠭᠡᠷ ᠣᠨ ︵1214 ᠣᠨ︶ ᠤ ᠳᠠᠷᠠᠭ᠎ᠠ᠂ ᠴᠢᠩᠭᠢᠰ ᠬᠠᠭᠠᠨ ᠤ ᠳᠡᠭᠦᠦ ᠬᠠᠪᠤᠲᠤ ᠬᠠᠰᠠᠷ ᠤᠨ ᠡᠷᠭᠦᠮᠵᠢᠯᠡᠭᠰᠡᠨ ᠭᠠᠵᠠᠷ ᠲᠤ ᠴᠢ ᠸᠠᠩ ᠤᠨ ᠣᠷᠳᠣᠨ ᠢ ᠪᠠᠶᠢᠭᠤᠯᠵᠤ᠂ ᠯᠢᠩᠪᠡᠢ ᠮᠤᠵᠢ ᠶᠢᠨ ᠬᠤᠷᠢᠨᠭᠡᠷ ᠵᠠᠮ ᠳᠤ ᠬᠠᠷᠢᠶᠠᠯᠠᠭᠤᠯᠪᠠ᠃    ᠮᠢᠩ ᠤᠯᠤᠰ ᠤᠨ ᠦᠶ᠎ᠡ ᠳᠤ᠂ ᠮᠣᠩᠭᠤᠯ ᠲᠦᠭᠦᠷᠢᠰᠲᠡᠮᠦᠷ ᠤᠨ ᠨᠤᠲᠤᠭ ᠪᠣᠯᠵᠤ᠂ ᠣᠨᠣᠨ ᠭᠤᠣᠯ ᠤᠨ ᠮᠢᠩᠭᠠᠲᠤ ᠳᠤ ᠵᠠᠷᠤᠭᠳᠠᠬᠤ ᠪᠣᠯᠵᠠᠢ᠃    ᠴᠢᠩ ᠤᠯᠤᠰ ᠤᠨ ᠡᠬᠢᠨ ᠤ ᠦᠶ᠎ᠡ ᠳᠤ ᠥᠪᠥᠷ ᠮᠣᠩᠭᠤᠯ ᠤᠨ ᠬᠢᠯᠢ ᠳᠠᠬᠢ ᠮᠣᠩᠭᠤᠯ ᠦᠨᠳᠦᠰᠦᠲᠡᠨ ᠴᠢᠩ ᠤᠯᠤᠰ ᠲᠤ ᠣᠷᠣᠵᠤ ᠥᠭᠭᠦᠭᠡᠳ ᠬᠠᠷᠠᠮᠥ᠋ᠷᠡᠨ ᠤ ᠵᠠᠩᠵᠤᠨ ᠢᠶᠠᠷ ᠵᠠᠬᠢᠷᠤᠭᠤᠯᠵᠠᠶ᠃    ᠡᠩᠬᠡ ᠠᠮᠤᠭᠤᠯᠠᠩ ᠤᠨ ᠬᠤᠷᠢᠨ ᠨᠠᠢᠮᠠᠳᠤᠭᠠᠷ ᠣᠨ ︵1689 ᠣᠨ︶ ᠳᠤ ᠬᠥᠯᠥᠨ ᠪᠤᠶᠢᠷ ᠤᠨ ᠶᠡᠷᠦᠩᠬᠡᠶ ᠬᠠᠮᠢᠶᠠᠷᠤᠭᠴᠢ ᠳᠤ ᠬᠠᠷᠢᠶᠠᠯᠠᠭᠳᠠᠵᠤ ᠪᠠᠶᠢᠪᠠ᠃    ᠨᠠᠶᠢᠷᠠᠯᠲᠤ ᠲᠥᠪ ᠤᠨ ᠲᠠᠪᠤᠳᠤᠭᠠᠷ ᠣᠨ ︵1727 ᠣᠨ︶ ᠳᠤ᠂ ᠬᠥᠯᠥᠨ ᠪᠤᠶᠢᠷ ᠤᠨ ᠶᠡᠷᠦᠩᠬᠡᠶ ᠬᠠᠮᠢᠶᠠᠷᠤᠭᠴᠢ ᠠᠪᠠᠭᠠᠶᠢᠲᠤ ᠱᠠᠭᠠᠯᠦ᠋ᠨ ᠳᠤ ᠰᠠᠬᠢᠨ ᠰᠠᠭᠤᠪᠠ︔ ᠨᠠᠶᠢᠷᠠᠯᠲᠤ ᠲᠥᠪ ᠤᠨ ᠠᠷᠪᠠᠨ ᠬᠤᠶᠠᠳᠤᠭᠠᠷ ᠣᠨ ︵1734 ᠣᠨ︶ ᠳᠤ ᠰᠢᠨ᠎ᠡ ᠪᠠᠷᠭᠤ ᠶᠢᠨ ᠪᠠᠷᠠᠭᠤᠨ ᠭᠠᠷᠤᠨ ᠳᠥᠷᠪᠡᠨ ᠬᠤᠰᠢᠭᠤᠨ ᠤ ᠬᠥᠪᠡᠭᠡᠲᠦ ᠤᠯᠠᠭᠠᠨ ᠲᠤᠭ ᠶᠡᠷᠦᠩᠬᠡᠶᠢᠯᠡᠨ ᠵᠠᠬᠢᠷᠴᠤ ᠪᠠᠶᠢᠪᠠ᠃    ᠲᠩᠷᠢ ᠲᠡᠳᠬᠦᠭᠴᠢ ᠶᠢᠨ ᠨᠠᠢᠮᠠᠳᠤᠭᠠᠷ ᠣᠨ ︵1743 ᠣᠨ︶ ᠳᠤ ᠬᠥᠯᠥᠨ ᠪᠤᠶᠢᠷ ᠤᠨ ᠳᠡᠳ᠋ ᠨᠡᠶᠢᠰᠯᠡᠯ ᠤᠨ ᠶᠡᠷᠦᠩᠬᠡᠶ ᠵᠠᠬᠢᠷᠤᠭᠴᠢ ᠶᠢᠨ ᠲᠤᠰᠢᠶᠠᠯ ᠳᠤ ᠪᠠᠶᠢᠪᠠ᠃    ᠪᠠᠳᠠᠷᠠᠭᠤᠯᠲᠤ ᠲᠥᠷᠥ ᠶᠢᠨ ᠵᠢᠷᠭᠤᠳᠤᠭᠠᠷ ᠣᠨ ︵1880 ᠣᠨ︶ ᠳᠤ ᠬᠥᠯᠥᠨ ᠪᠤᠶᠢᠷ ᠤᠨ ᠳᠡᠳ᠋ ᠵᠠᠬᠢᠷᠤᠭᠴᠢ ᠶᠢᠨ ᠭᠠᠵᠠᠷ ᠳᠤ ᠬᠠᠷᠢᠶᠠᠯᠠᠭᠳᠠᠨ᠎ᠠ︔ ᠪᠠᠳᠠᠷᠠᠭᠤᠯᠲᠤ ᠲᠥᠷᠥ ᠶᠢᠨ ᠬᠤᠷᠢᠨ ᠳᠣᠯᠣᠳᠤᠭᠠᠷ ᠣᠨ ︵1901 ᠣᠨ︶ ᠳᠤ ᠵᠡᠭᠦᠨ ᠴᠢᠩ ᠤᠯᠤᠰ ᠤᠨ ᠲᠡᠮᠦᠷ ᠵᠠᠮ ᠤᠨ ᠭᠠᠯᠲᠤ ᠲᠡᠷᠭᠡᠨ ᠥᠷᠲᠡᠭᠡᠨ ᠤ ᠥᠷᠲᠡᠭᠡᠨ ᠤ ᠨᠡᠷ᠎ᠡ ᠶᠢ ᠣᠷᠴᠢᠭᠤᠯᠤᠨ ᠪᠢᠴᠢᠬᠦ ᠦᠶ᠎ᠡ ᠳᠤ᠂ ︽ᠳᠠᠯᠠᠶᠢᠨᠠᠭᠤᠷ︾ ᠭᠡᠬᠦ ᠳᠠᠭᠤ ᠶᠢ ︽ᠵᠠᠯᠠᠶᠢᠨᠠᠭᠤᠷ︾ ᠭᠡᠵᠦ ᠬᠠᠯᠠᠭᠠᠳ᠂ ᠰᠡᠭᠦᠯᠡᠷ ᠨᠢ ᠪᠠᠰᠠ ᠨᠡᠭᠦᠷᠡᠰᠦᠨ ᠠᠭᠤᠷᠬᠠᠶ ᠶᠢᠨ ᠨᠡᠷ᠎ᠡ᠂ ᠭᠠᠵᠠᠷ ᠣᠷᠣᠨ ᠤ ᠨᠡᠷ᠎ᠡ ᠶᠢ ︽ᠵᠠᠯᠠᠶᠢᠨᠠᠭᠤᠷ︾ ᠭᠡᠵᠦ ᠬᠠᠯᠠᠪᠠ᠃ ᠪᠠᠳᠠᠷᠠᠭᠤᠯᠲᠤ ᠲᠥᠷᠥ ᠶᠢᠨ ᠭᠤᠴᠢᠨ ᠳᠥᠷᠪᠡᠳᠦᠭᠡᠷ ᠣᠨ ︵1908 ᠣᠨ︶ ᠳᠤ ᠬᠥᠯᠥᠨ ᠪᠤᠶᠢᠷ ᠤᠨ ᠳᠡᠳ᠋ ᠵᠠᠬᠢᠷᠤᠭᠴᠢ ᠶᠢᠨ ᠭᠠᠵᠠᠷ ᠢ ᠬᠠᠰᠤᠵᠤ᠂ ᠬᠥᠯᠥᠨ ᠪᠤᠶᠢᠷ ᠤᠨ ᠴᠡᠷᠢᠭ ᠤᠨ ᠪᠡᠯᠡᠳᠬᠡᠯ ᠤᠨ ᠵᠠᠮ ᠪᠣᠯᠭᠠᠨ ᠥᠭᠡᠷᠡᠴᠢᠯᠡᠵᠦ᠂ ᠵᠠᠯᠠᠶᠢᠨᠠᠭᠤᠷ ᠣᠷᠤᠨ ᠢ ᠲᠡᠭᠦᠨ ᠳᠤ ᠬᠠᠷᠢᠶᠠᠯᠠᠭᠤᠯᠪᠠ᠃    ᠬᠡᠪᠲᠦ ᠶᠣᠰᠣᠲᠤ ᠶᠢᠨ ᠲᠡᠷᠢᠭᠦᠨ ᠣᠨ ︵1909 ᠣᠨ︶ ᠤ 10 ᠰᠠᠷ᠎ᠠ ᠳᠤ ᠯᠦ ᠪᠢᠨ ᠹᠦ᠋ ᠶᠢ ᠪᠠᠶᠢᠭᠤᠯᠵᠤ᠂ ᠵᠠᠯᠠᠶᠢᠨᠠᠭᠤᠷ ᠨᠢ ᠲᠣᠭᠤᠷᠢᠭ ᠪᠣᠯᠵᠤ᠂ ᠯᠦ ᠪᠢᠨ ᠹᠦ᠋ ᠳᠤ ᠬᠠᠮᠢᠶᠠᠷᠤᠭᠳᠠᠵᠠᠶ᠃    1912 ᠣᠨ ᠤ 2 ᠰᠠᠷ᠎ᠠ ᠳᠤ᠂ ᠬᠠᠭᠤᠴᠢᠨ ᠪᠠᠷᠭᠤ ᠶᠢᠨ ᠶᠡᠷᠦᠩᠬᠡᠢ ᠬᠠᠮᠢᠶᠠᠷᠤᠭᠴᠢ ᠴᠧᠬᠡᠵᠠ ᠮᠣᠩᠭᠤᠯ ᠤᠷᠤᠰ ᠤᠨ ᠬᠤᠯᠪᠣᠭᠠᠲᠤ ᠴᠡᠷᠢᠭ ᠢ ᠳᠠᠭᠠᠭᠤᠯᠤᠨ ᠯᠦ ᠪᠢᠨ ᠹᠦ᠋ ᠶᠢ ᠡᠵᠡᠯᠡᠵᠦ᠂ ︽ᠬᠥᠯᠥᠨ ᠪᠤᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ︾ ᠢ ᠳᠠᠭᠠᠵᠤ᠂ ᠵᠠᠯᠠᠶᠢᠨᠠᠭᠤᠷ ᠤᠨ ᠬᠠᠷᠢᠶᠠᠨ ᠳᠤ ᠣᠷᠣᠪᠠ᠃    1920 ᠣᠨ ᠤ 8 ᠰᠠᠷ᠎ᠠ ᠳᠤ᠂ ᠬᠥᠯᠥᠨ ᠪᠤᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠠᠴᠠ ︽ᠥᠪᠡᠷᠲᠡᠭᠡᠨ ᠵᠠᠰᠠᠬᠤ︾ ᠶᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠵᠦ᠂ ᠯᠦ ᠪᠢᠨ ᠰᠢᠶᠠᠨ ᠢ ᠪᠠᠶᠢᠭᠤᠯᠵᠤ᠂ ᠵᠠᠯᠠᠶᠢᠨᠠᠭᠤᠷ ᠢ ᠲᠡᠭᠦᠨ ᠳᠤ ᠬᠠᠷᠢᠶᠠᠯᠠᠭᠤᠯᠪᠠ᠃    1930 ᠣᠨ ᠤ 9 ᠰᠠᠷ᠎ᠠ ᠳᠤ᠂ ᠵᠠᠯᠠᠶᠢᠨᠠᠭᠤᠷ ᠪᠠᠯᠭᠠᠰᠤ ᠪᠠᠶᠢᠭᠤᠯᠪᠠ᠃ 1932 ᠣᠨ ᠤ 6 ᠰᠠᠷ᠎ᠠ ᠳᠤ᠂ ︽ᠮᠠᠨᠵᠤ ᠤᠯᠤᠰ︾ ᠯᠦ ᠪᠢᠨ ᠰᠢᠶᠠᠨ ᠢ ᠬᠠᠰᠤᠵᠤ᠂ ᠵᠠᠯᠠᠶᠢᠨᠠᠭᠤᠷ ᠪᠠᠯᠭᠠᠰᠤ ᠶᠢ ᠬᠢᠩᠭᠠᠨ ᠤ ᠬᠤᠶᠢᠲᠤ ᠮᠤᠵᠢ ᠶᠢᠨ ᠮᠠᠨᠵᠤᠤᠷ ᠲᠤ ᠰᠠᠭᠤᠭ᠎ᠠ ᠬᠡᠷᠡᠭ ᠡᠷᠬᠢᠯᠡᠬᠦ ᠭᠠᠵᠠᠷ ᠲᠤ ᠬᠠᠷᠢᠶᠠᠯᠠᠭᠤᠯᠪᠠ᠃    1936 ᠣᠨ ᠤ 1 ᠰᠠᠷ᠎ᠠ ᠳᠤ᠂ ᠵᠠᠯᠠᠶᠢᠨᠠᠭᠤᠷ ᠰᠢᠨ᠎ᠡ ᠪᠠᠷᠭᠤ ᠪᠠᠷᠠᠭᠤᠨ ᠭᠠᠷᠤᠨ ᠬᠤᠰᠢᠭᠤᠨ ᠳᠤ ᠬᠠᠷᠢᠶᠠᠯᠠᠭᠳᠠᠵᠠᠢ᠃    1939 ᠣᠨ ᠳᠤ ᠵᠠᠯᠠᠶᠢᠨᠠᠭᠤᠷ ᠵᠡᠭᠡᠯᠢ ᠶᠢ ᠪᠠᠶᠢᠭᠤᠯᠵᠤ᠂ ᠰᠢᠨ᠎ᠡ ᠪᠠᠷᠭᠤ ᠪᠠᠷᠠᠭᠤᠨ ᠭᠠᠷᠤᠨ ᠬᠤᠰᠢᠭᠤᠨ ᠳᠤ ᠬᠠᠷᠢᠶᠠᠯᠠᠭᠤᠯᠪᠠ᠃    1941 ᠣᠨ ᠳᠤ᠂ ᠵᠠᠯᠠᠶᠢᠨᠠᠭᠤᠷ ᠵᠡᠭᠡᠯᠢ ᠶᠢ ᠰᠢᠨ᠎ᠡ ᠪᠠᠷᠭᠤ ᠪᠠᠷᠠᠭᠤᠨ ᠭᠠᠷᠤᠨ ᠬᠤᠰᠢᠭᠤ ᠠᠴᠠ ᠰᠠᠯᠭᠠᠵᠤ᠂ ᠬᠢᠩᠭᠠᠨ ᠬᠤᠶᠢᠲᠤ ᠮᠤᠵᠢ ᠳᠤ ᠰᠢᠭᠤᠳ ᠬᠠᠷᠢᠶᠠᠯᠠᠭᠤᠯᠪᠠ᠃    1945 ᠣᠨ ᠤ 1 ᠰᠠᠷ᠎ᠠ ᠳᠤ᠂ ᠵᠠᠯᠠᠶᠢᠨᠠᠭᠤᠷ ᠵᠡᠭᠡᠯᠢ ᠶᠢ ᠵᠠᠯᠠᠶᠢᠨᠠᠭᠤᠷ ᠬᠤᠲᠠ ᠪᠣᠯᠭᠠᠨ ᠥᠭᠡᠷᠡᠴᠢᠯᠡᠵᠦ᠂ ᠰᠢᠭᠤᠳ ᠬᠢᠩᠭᠠᠨ ᠬᠤᠶᠢᠲᠤ ᠮᠤᠵᠢ ᠳᠤ ᠬᠠᠷᠢᠶᠠᠯᠠᠭᠤᠯᠪᠠ︔ ᠲᠤᠰ ᠵᠢᠯ ᠤᠨ 8 ᠰᠠᠷ᠎ᠠ ᠶᠢᠨ 9 ᠤ ᠡᠳᠦᠷ᠂ ᠵᠦᠪᠯᠡᠯᠳᠦ ᠶᠢᠨ ᠴᠡᠷᠢᠭ ᠵᠠᠯᠠᠶᠢᠨᠠᠭᠤᠷ ᠲᠤ ᠪᠠᠭᠤᠳᠠᠯᠯᠠᠵᠤ᠂ ᠶᠠᠫᠣᠨ ᠬᠠᠭᠤᠷᠮᠠᠭ ᠴᠡᠷᠢᠭ ᠤᠨ ᠵᠠᠯᠠᠶᠢᠨᠠᠭᠤᠷ ᠬᠤᠳᠠ ᠶᠢᠨ ᠵᠠᠰᠠᠭ ᠤᠨ ᠡᠷᠬᠡ ᠨᠤᠷᠠᠪᠠ︔ ᠲᠣᠰ ᠵᠢᠯ ᠤᠨ 8 ᠰᠠᠷ᠎ᠠ ᠶᠢᠨ 19 ᠤ ᠡᠳᠦᠷ᠂ ᠵᠥᠪᠯᠡᠯᠲᠦ ᠶᠢᠨ ᠴᠡᠷᠢᠭ ᠰᠣᠩᠭᠤᠭᠤᠯᠢ ᠶᠢᠨ ᠶᠡᠭᠡ ᠬᠤᠷᠠᠯ ᠢ ᠵᠣᠬᠢᠶᠠᠨ ᠪᠠᠶᠢᠭᠤᠯᠵᠤ᠂ ᠵᠠᠯᠠᠶᠢᠨᠠᠭᠤᠷ ᠬᠤᠲᠠ ᠶᠢᠨ ᠵᠠᠰᠠᠭ ᠤᠨ ᠣᠷᠳᠣᠨ ᠢ ᠪᠠᠶᠢᠭᠤᠯᠪᠠ︔ ᠲᠣᠰ ᠵᠢᠯ ᠤᠨ 10 ᠰᠠᠷ᠎ᠠ ᠶᠢᠨ 1 ᠤ ᠡᠳᠦᠷ᠂ ᠬᠥᠯᠥᠨ ᠪᠤᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠵᠤ᠂ ᠵᠠᠯᠠᠶᠢᠨᠠᠭᠤᠷ ᠬᠤᠲᠠ ᠲᠡᠭᠦᠨ ᠳᠤ ᠬᠠᠷᠢᠶᠠᠯᠠᠭᠳᠠᠪᠠ᠃    1946 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠠᠨᠵᠤ ᠶᠢᠨ ᠴᠡᠷᠢᠭ ᠤᠨ ᠲᠣᠭᠤᠷᠢᠭ ᠤᠨ ᠵᠠᠮ ᠬᠠᠮᠠᠭᠠᠯᠠᠬᠤ ᠴᠡᠷᠢᠭ ᠤᠨ ᠭᠤᠷᠪᠠᠳᠤᠭᠠᠷ ᠬᠤᠷᠢᠶ᠎ᠠ ᠵᠠᠯᠠᠶᠢᠨᠠᠭᠤᠷ ᠬᠤᠲᠠ ᠶᠢᠨ ᠵᠠᠰᠠᠭ ᠤᠨ ᠣᠷᠳᠣᠨ ᠢ ᠵᠠᠯᠠᠨ ᠬᠠᠮᠢᠶᠠᠷᠴᠤ᠂ ᠠᠷᠠᠳ ᠤᠨ ᠵᠠᠰᠠᠭ ᠪᠠᠶᠢᠭᠤᠯᠵᠠᠶ᠃    1948 ᠣᠨ ᠤ 1 ᠰᠠᠷ᠎ᠠ ᠶᠢᠨ 1 ᠤ ᠡᠳᠦᠷ᠂ ᠬᠥᠯᠥᠨ ᠪᠤᠶᠢᠷ ᠤᠨ ᠣᠷᠣᠨ ᠨᠤᠲᠤᠭ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠶᠢ ᠬᠦᠴᠦᠨ ᠥᠬᠡᠶ ᠪᠣᠯᠭᠠᠵᠤ᠂ ᠬᠥᠯᠥᠨ ᠪᠤᠶᠢᠷ ᠠᠶᠢᠮᠠᠭ ᠢ ᠪᠠᠶᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠵᠤ᠂ ᠵᠠᠯᠠᠶᠢᠨᠠᠭᠤᠷ ᠬᠤᠲᠠ ᠶᠢ ᠳᠠᠭᠠᠯᠳᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠪᠠ︔ 5 ᠳ᠋ᠤᠭᠠᠷ ᠰᠠᠷ᠎ᠠ ᠳᠤ᠂ ᠵᠠᠯᠠᠶᠢᠨᠠᠭᠤᠷ ᠬᠤᠲᠠ ᠶᠢ ᠵᠠᠯᠠᠶᠢᠨᠠᠭᠤᠷ ᠲᠣᠭᠤᠷᠢᠭ ᠭᠡᠵᠦ ᠥᠭᠡᠷᠡᠴᠢᠯᠡᠨ᠂ ᠬᠥᠯᠥᠨ ᠪᠤᠶᠢᠷ ᠠᠶᠢᠮᠠᠭ ᠲᠤ ᠬᠠᠷᠢᠶᠠᠯᠠᠭᠤᠯᠪᠠ᠃    1949 ᠣᠨ ᠤ 1 ᠰᠠᠷ᠎ᠠ ᠳᠤ᠂ ᠵᠠᠯᠠᠶᠢᠨᠠᠭᠤᠷ ᠲᠣᠭᠤᠷᠢᠭ ᠤᠨ ᠨᠡᠷ᠎ᠡ ᠶᠢ ᠵᠠᠯᠠᠶᠢᠨᠠᠭᠤᠷ ᠵᠡᠭᠡᠯᠢ ᠭᠡᠵᠦ ᠬᠠᠯᠠᠵᠤ᠂ ᠬᠥᠯᠥᠨ ᠪᠤᠶᠢᠷ ᠠᠶᠢᠮᠠᠭ ᠲᠤ ᠬᠠᠷᠢᠶᠠᠯᠠᠭᠳᠠᠨ᠎ᠠ︔ ᠲᠣᠰ ᠵᠢᠯ ᠤᠨ 4 ᠰᠠᠷ᠎ᠠ ᠶᠢᠨ 11 ᠤ ᠡᠳᠦᠷ᠂ ᠵᠠᠯᠠᠶᠢᠨᠠᠭᠤᠷ ᠵᠡᠭᠡᠯᠢ ᠶᠢ ᠮᠠᠨᠵᠦᠦᠷ ᠬᠤᠲᠠ ᠲᠠᠢ ᠨᠡᠶᠢᠯᠡᠭᠦᠯᠵᠦ᠂ ᠵᠠᠯᠠᠶᠢᠨᠠᠭᠤᠷ ᠲᠣᠭᠤᠷᠢᠭ ᠭᠡᠵᠦ ᠨᠡᠷᠡᠶᠢᠳᠪᠡ᠃    1954 ᠣᠨ ᠤ 4 ᠰᠠᠷ᠎ᠠ ᠳᠤ᠂ ᠵᠠᠯᠠᠶᠢᠨᠠᠭᠤᠷ ᠲᠣᠭᠤᠷᠢᠭ ᠤᠨ ᠵᠠᠰᠠᠭ ᠤᠨ ᠣᠷᠳᠣᠨ ᠢ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠡᠵᠦ ᠥᠭᠡᠷᠡᠴᠢᠯᠡᠨ ᠨᠡᠷᠡᠶᠢᠳᠴᠦ᠂ ᠵᠠᠯᠠᠶᠢᠨᠠᠭᠤᠷ ᠲᠣᠭᠤᠷᠢᠭ ᠨᠢ ᠮᠠᠨᠵᠦᠦᠷ ᠬᠤᠲᠠ ᠳᠤ ᠬᠠᠷᠢᠶᠠᠯᠠᠭᠳᠠᠨ᠎ᠠ᠃    1955 ᠣᠨ ᠤ 5 ᠰᠠᠷ᠎ᠠ ᠳᠤ᠂ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠵᠠᠯᠠᠶᠢᠨᠠᠭᠤᠷ ᠲᠣᠭᠤᠷᠢᠭ ᠤᠨ ᠠᠷᠠᠳ ᠤᠨ ᠵᠥᠪᠯᠡᠯ ᠭᠡᠵᠦ ᠬᠠᠯᠠᠪᠠ᠃    1957 ᠣᠨ ᠤ 1 ᠰᠠᠷ᠎ᠠ ᠶᠢᠨ 14 ᠤ ᠡᠳᠦᠷ᠂ ᠵᠠᠯᠠᠶᠢᠨᠠᠭᠤᠷ ᠲᠣᠭᠤᠷᠢᠭ ᠢ ᠰᠢᠶᠠᠨ ᠤ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠮᠵᠢ ᠪᠣᠯᠭᠠᠨ ᠲᠡᠰ ᠳᠡᠪᠰᠢᠭᠦᠯᠪᠡ︔ ᠲᠣᠰ ᠵᠢᠯ ᠤᠨ 3 ᠰᠠᠷ᠎ᠠ ᠶᠢᠨ 28 ᠤ ᠡᠳᠦᠷ᠂ ᠵᠠᠯᠠᠶᠢᠨᠠᠭᠤᠷ ᠲᠣᠭᠤᠷᠢᠭ ᠢ ᠵᠠᠯᠠᠶᠢᠨᠠᠭᠤᠷ ᠠᠭᠤᠷᠬᠠᠶ ᠶᠢᠨ ᠣᠷᠣᠨ ᠭᠡᠵᠦ ᠬᠠᠯᠠᠵᠤ᠂ ᠵᠠᠯᠠᠶᠢᠨᠠᠭᠤᠷ ᠲᠣᠭᠤᠷᠢᠭ ᠤᠨ ᠠᠷᠠᠳ ᠤᠨ ᠵᠥᠪᠯᠡᠯ ᠢ ᠵᠠᠯᠠᠶᠢᠨᠠᠭᠤᠷ ᠠᠭᠤᠷᠬᠠᠶ ᠶᠢᠨ ᠣᠷᠣᠨ ᠤ ᠠᠷᠠᠳ ᠤᠨ ᠵᠥᠪᠯᠡᠯ ᠭᠡᠵᠦ ᠬᠠᠯᠠᠪᠠ᠃    1958 ᠣᠨ ᠤ 6 ᠰᠠᠷ᠎ᠠ ᠳᠤ᠂ ᠵᠠᠯᠠᠶᠢᠨᠠᠭᠤᠷ ᠠᠭᠤᠷᠬᠠᠶ ᠶᠢᠨ ᠣᠷᠣᠨ ᠤ ᠰᠢᠶᠠᠨ ᠤ ᠱᠠᠲᠤᠨ ᠤ ᠪᠠᠶᠢᠭᠤᠯᠤᠮᠵᠢ ᠶᠢᠨ ᠲᠦᠷᠢᠮ ᠢ ᠬᠦᠴᠦᠨ ᠥᠬᠡᠶ ᠪᠣᠯᠭᠠᠬᠤ ᠶᠢᠨ ᠬᠠᠮᠲᠤ ᠵᠠᠯᠠᠶᠢᠨᠠᠭᠤᠷ ᠠᠭᠤᠷᠬᠠᠶ ᠶᠢᠨ ᠣᠷᠣᠨ ᠤ ᠠᠷᠠᠳ ᠤᠨ ᠵᠥᠪᠯᠡᠯ ᠢ ᠬᠦᠴᠦᠨ ᠥᠬᠡᠶ ᠪᠣᠯᠭᠠᠪᠠ︔ ᠲᠤᠰ ᠵᠢᠯ ᠤᠨ 10 ᠰᠠᠷ᠎ᠠ ᠶᠢᠨ 9 ᠤ ᠡᠳᠦᠷ᠂ ᠵᠠᠯᠠᠶᠢᠨᠠᠭᠤᠷ ᠠᠭᠤᠷᠬᠠᠢ ᠶᠢᠨ ᠣᠷᠣᠨ ᠤ ᠠᠷᠠᠳ ᠤᠨ ᠵᠥᠪᠯᠡᠯ ᠢ ᠮᠠᠨᠵᠤᠤᠷ ᠬᠤᠳᠠ ᠶᠢᠨ ᠠᠷᠠᠳ ᠤᠨ ᠵᠥᠪᠯᠡᠯ ᠤᠨ ᠵᠠᠯᠠᠶᠢᠨᠠᠭᠤᠷ ᠠᠭᠤᠷᠬᠠᠢ ᠶᠢᠨ ᠣᠷᠣᠨ ᠤ ᠬᠡᠷᠡᠭ ᠡᠷᠬᠢᠯᠡᠬᠦ ᠭᠠᠵᠠᠷ ᠪᠣᠯᠭᠠᠨ ᠥᠭᠡᠷᠡᠴᠢᠯᠡᠪᠡ᠃    1960 ᠣᠨ ᠤ 6 ᠰᠠᠷ᠎ᠠ ᠳᠤ᠂ ᠵᠠᠯᠠᠶᠢᠨᠠᠭᠤᠷ ᠠᠭᠤᠷᠬᠠᠢ ᠶᠢᠨ ᠣᠷᠣᠨ ᠤ ᠬᠡᠷᠡᠭ ᠡᠷᠬᠢᠯᠡᠬᠦ ᠭᠠᠵᠠᠷ ᠢ ᠵᠠᠰᠠᠭ ᠵᠠᠬᠢᠷᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠢᠭᠡᠳᠬᠡᠭᠰᠡᠨ ᠵᠠᠯᠠᠶᠢᠨᠠᠭᠤᠷ ᠠᠭᠤᠷᠬᠠᠢ ᠶᠢᠨ ᠣᠷᠣᠨ ᠤ ᠠᠷᠠᠳ ᠤᠨ ᠨᠢᠭᠡᠳᠦᠯ ︵ᠬᠤᠳᠠ ᠶᠢᠨ ᠨᠢᠭᠡᠳᠦᠯ︶ ᠪᠣᠯᠭᠠᠨ ᠥᠭᠡᠷᠡᠴᠢᠯᠡᠵᠦ᠂ ᠬᠡᠷᠡᠭ ᠡᠷᠬᠢᠯᠡᠬᠦ ᠭᠠᠵᠠᠷ ᠢ ᠦᠯᠡᠳᠡᠭᠡᠵᠦ᠂ ᠮᠠᠨᠵᠤᠤᠷ ᠬᠤᠳᠠ ᠶᠢᠨ ᠠᠷᠠᠳ ᠤᠨ ᠵᠥᠪᠯᠡᠯ ᠳᠤ ᠬᠠᠷᠢᠶᠠᠯᠠᠭᠤᠯᠪᠠ᠃    1962 ᠣᠨ ᠤ 5 ᠰᠠᠷ᠎ᠠ ᠳᠤ᠂ ᠮᠠᠨᠵᠤᠤᠷ ᠬᠤᠳᠠ ᠶᠢᠨ ᠠᠷᠠᠳ ᠤᠨ ᠵᠥᠪᠯᠡᠯ ᠠᠴᠠ ᠵᠠᠯᠠᠶᠢᠨᠠᠭᠤᠷ ᠠᠭᠤᠷᠬᠠᠢ ᠶᠢᠨ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠵᠠᠯᠠᠶᠢᠨᠠᠭᠤᠷ ᠠᠭᠤᠷᠬᠠᠢ ᠶᠢᠨ ᠣᠷᠣᠨ ᠤ ᠠᠷᠠᠳ ᠤᠨ ᠵᠥᠪᠯᠡᠯ ᠢ ᠪᠠᠶᠢᠭᠤᠯᠬᠤ ᠶᠢ ᠵᠥᠪᠰᠢᠶᠡᠷᠡᠵᠦ᠂ ᠠᠭᠤᠷᠬᠠᠢ ᠶᠢᠨ ᠣᠷᠣᠨ ᠤ ᠠᠷᠠᠳ ᠤᠨ ᠵᠥᠪᠯᠡᠯ ᠨᠢ ᠮᠥᠨᠴᠦ ᠠᠭᠤᠷᠬᠠᠢ ᠶᠢᠨ ᠣᠷᠣᠨ ᠤ ᠬᠤᠳᠠ ᠶᠢᠨ ᠠᠷᠠᠳ ᠤᠨ ᠨᠢᠭᠡᠳᠦᠯ ᠤᠨ ᠨᠢᠭᠡ ᠪᠠᠶᠢᠭᠤᠯᠤᠮᠵᠢ ᠬᠤᠶᠠᠷ ᠫᠠᠶᠢᠰᠠ ᠲᠠᠢ ᠪᠠᠶᠢᠪᠠ︔ ᠲᠤᠰ ᠵᠢᠯ ᠤᠨ 7 ᠰᠠᠷ᠎ᠠ ᠳᠤ ᠵᠠᠯᠠᠶᠢᠨᠠᠭᠤᠷ ᠠᠭᠤᠷᠬᠠᠢ ᠶᠢᠨ ᠣᠷᠣᠨ ᠤ ᠬᠤᠳᠠ ᠶᠢᠨ ᠠᠷᠠᠳ ᠤᠨ ᠨᠢᠭᠡᠳᠦᠯ ᠢ ᠬᠠᠰᠤᠵᠠᠢ᠃    1966 ᠣᠨ ᠤ 5 ᠰᠠᠷ᠎ᠠ ᠳᠤ᠂ ᠡᠯ᠎ᠡ ᠱᠠᠲᠤᠨ ᠤ ᠵᠠᠰᠠᠭ ᠤᠨ ᠡᠷᠬᠡ ᠵᠠᠯᠭᠠᠭ᠎ᠠ ᠪᠠᠷ ᠲᠠᠮᠪᠠᠷᠠᠭᠰᠠᠨ ᠪᠠᠶᠢᠳᠠᠯ ᠳᠤ ᠣᠷᠣᠪᠠ᠃    1968 ᠣᠨ ᠤ 2 ᠰᠠᠷ᠎ᠠ ᠳᠤ᠂ ᠵᠠᠯᠠᠶᠢᠨᠠᠭᠤᠷ ᠠᠭᠤᠷᠬᠠᠢ ᠶᠢᠨ ᠣᠷᠣᠨ ᠤ ᠬᠤᠪᠢᠰᠬᠠᠯ ᠤᠨ ᠵᠥᠪᠯᠡᠯ ᠢ ᠪᠠᠶᠢᠭᠤᠯᠵᠤ᠂ ᠵᠠᠯᠠᠶᠢᠨᠠᠭᠤᠷ ᠠᠭᠤᠷᠬᠠᠢ ᠶᠢᠨ ᠣᠷᠣᠨ ᠤ ᠠᠷᠠᠳ ᠤᠨ ᠵᠥᠪᠯᠡᠯ ᠢ ᠣᠷᠣᠯᠠᠪᠠ᠃    1969 ᠣᠨ ᠤ 8 ᠰᠠᠷ᠎ᠠ ᠳᠤ᠂ ᠵᠠᠯᠠᠶᠢᠨᠠᠭᠤᠷ ᠠᠭᠤᠷᠬᠠᠢ ᠶᠢᠨ ᠣᠷᠣᠨ ᠮᠠᠨᠵᠤᠤᠷ ᠬᠤᠳᠠ ᠶᠢ ᠲᠠᠭᠠᠵᠤ ᠬᠠᠷᠠᠮᠥ᠋ᠷᠡᠨ ᠮᠤᠵᠢ ᠳᠤ ᠬᠤᠪᠢᠶᠠᠷᠢᠯᠠᠨ ᠣᠷᠣᠭᠤᠯᠪᠠ᠃    1979 ᠣᠨ ᠤ 7 ᠰᠠᠷ᠎ᠠ ᠳᠤ᠂ ᠵᠠᠯᠠᠶᠢᠨᠠᠭᠤᠷ ᠠᠭᠤᠷᠬᠠᠢ ᠶᠢᠨ ᠣᠷᠣᠨ ᠮᠠᠨᠵᠤᠤᠷ ᠬᠤᠳᠠ ᠶᠢ ᠲᠠᠭᠠᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠠᠬᠢᠨ ᠬᠠᠷᠢᠶᠠᠯᠠᠭᠤᠯᠪᠠ᠃    1980 ᠣᠨ ᠤ 12 ᠰᠠᠷ᠎ᠠ ᠳᠤ᠂ ᠵᠠᠯᠠᠶᠢᠨᠠᠭᠤᠷ ᠠᠭᠤᠷᠬᠠᠶ ᠶᠢᠨ ᠣᠷᠣᠨ ᠤ ᠬᠤᠪᠢᠰᠬᠠᠯ ᠤᠨ ᠵᠥᠪᠯᠡᠯ ᠢ ᠬᠠᠰᠤᠵᠤ᠂ ᠵᠠᠯᠠᠶᠢᠨᠠᠭᠤᠷ ᠠᠭᠤᠷᠬᠠᠶ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ︵ᠬᠤᠰᠢᠭᠤ ᠰᠢᠶᠠᠨ ᠤ ᠱᠠᠲᠤᠨ ᠤ ᠪᠠᠶᠢᠭᠤᠯᠤᠮᠵᠢ ᠶᠢᠨ ᠲᠦᠷᠢᠮ︶ ᠢ ᠰᠡᠷᠭᠦᠭᠡᠪᠡ᠃    2004 ᠣᠨ ᠤ 2 ᠰᠠᠷ᠎ᠠ ᠳᠤ᠂ ᠵᠠᠯᠠᠶᠢᠨᠠᠭᠤᠷ ᠠᠭᠤᠷᠬᠠᠶ ᠶᠢᠨ ᠣᠷᠣᠨ ᠢ ᠵᠠᠯᠠᠶᠢᠨᠠᠭᠤᠷ ᠲᠣᠭᠤᠷᠢᠭ ᠭᠡᠵᠦ ᠬᠠᠯᠠᠭᠠᠳ ᠮᠠᠨᠵᠦᠦᠷ ᠬᠤᠲᠠ ᠳᠤ ᠬᠠᠷᠢᠶᠠᠯᠠᠭᠤᠯᠪᠠ᠃    2013 ᠣᠨ ᠤ 3 ᠰᠠᠷ᠎ᠠ ᠳᠤ᠂ ᠵᠠᠯᠠᠶᠢᠨᠠᠭᠤᠷ ᠲᠣᠭᠤᠷᠢᠭ ᠢ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠢᠶᠠᠷ ᠲᠥᠷᠥ ᠶᠢᠨ ᠶᠠᠪᠤᠳᠠᠯ ᠤᠨ ᠬᠤᠷᠢᠶ᠎ᠠ ᠳᠤ ᠳᠠᠩᠰᠠᠯᠠᠭᠤᠯᠵᠤ᠂ ᠮᠠᠨᠵᠦᠦᠷ ᠬᠤᠲᠠ ᠪᠠᠷ ᠣᠷᠣᠯᠠᠨ ᠬᠠᠮᠢᠶᠠᠷᠤᠭᠤᠯᠵᠤ᠂ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠪᠠᠶᠢᠭᠤᠯᠤᠮᠵᠢ ᠶᠢᠨ ᠲᠦᠷᠢᠮ ᠪᠣᠯᠭᠠᠵᠤ᠂ ᠵᠠᠯᠠᠶᠢᠨᠠᠭᠤᠷ ᠠᠭᠤᠷᠬᠠᠶ ᠶᠢᠨ ᠣᠷᠣᠨ ᠤ ᠬᠠᠷᠢᠶ᠎ᠠ ᠣᠷᠣᠨ ᠢᠶᠠᠷ ᠵᠠᠯᠠᠶᠢᠨᠠᠭᠤᠷ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠪᠣᠯᠭᠠᠵᠤ᠂ ᠬᠥᠯᠥᠨ ᠪᠤᠶᠢᠷ ᠬᠤᠲᠠ ᠶᠢᠨ ᠬᠠᠷᠢᠶᠠᠨ ᠳᠠᠬᠢ 14 ᠬᠤᠰᠢᠭᠤ ᠬᠤᠲᠠ ᠶᠢᠨ ᠲᠣᠭᠤᠷᠢᠭ ᠤᠨ ᠨᠢᠭᠡ ᠪᠣᠯᠭᠠᠵᠠᠶ᠃    2014 ᠣᠨ ᠳᠤ᠂ ᠯᠢᠩ ᠴᠢᠶᠤᠸᠠᠨ ᠵᠡᠭᠡᠯᠢ ᠭᠤᠳᠤᠮᠵᠢ ᠶᠢ ᠬᠠᠰᠤᠵᠤ᠂ ᠯᠢᠩ ᠴᠢᠶᠤᠸᠠᠨ ᠪᠠᠯᠭᠠᠰᠤ ᠪᠠᠶᠢᠭᠤᠯᠵᠤ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠲᠤ ᠬᠠᠷᠢᠶᠠᠯᠠᠭᠤᠯᠤᠨ᠎ᠠ᠃    2023 ᠣᠨ ᠳᠤ᠂ ᠵᠠᠯᠠᠶᠢᠨᠠᠭᠤᠷ ᠲᠣᠭᠤᠷᠢᠭ ᠬᠥᠯᠥᠨ ᠪᠤᠶᠢᠷ ᠬᠤᠳᠠ ᠳᠤ ᠬᠠᠷᠢᠶᠠᠯᠠᠭᠳᠠᠵᠤ᠂ ᠮᠠᠨᠵᠤᠤᠷ ᠬᠤᠳᠠ ᠪᠠᠷ ᠣᠷᠣᠯᠠᠨ ᠬᠠᠮᠢᠶᠠᠷᠤᠭᠤᠯᠬᠤ ᠪᠠᠨ ᠪᠤᠯᠢᠵᠠᠢ᠃ ᠠᠳᠡ ᠬᠦᠷᠦᠭᠡᠳ ᠵᠠᠯᠠᠶᠢᠨᠠᠭᠤᠷ ᠲᠣᠭᠤᠷᠢᠭ ᠲᠤ ᠯᠢᠩ ᠴᠢᠶᠤᠸᠠᠨ ᠪᠠᠯᠭᠠᠰᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠵᠡᠭᠡᠯᠢ ᠭᠤᠳᠤᠮᠵᠢ ᠶᠢᠨ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠷᠢᠶᠠᠯᠠᠭᠤᠯᠪᠠ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ