ᠵᠠᠯᠠᠶᠢᠨᠠᠭᠤᠷ ᠲᠣᠭᠤᠷᠢᠭ ᠤᠨ ᠬᠤᠲᠠ ᠶᠢᠨ ᠲᠦᠢᠮᠤ ᠪᠠᠶᠢᠳᠠᠯ
ᠨᠡᠶᠢᠲᠡᠯᠡᠭᠰᠡᠨ ᠴᠠᠭ᠄
2024/12/17
    ᠵᠠᠯᠠᠶᠢᠨᠠᠭᠤᠷ ᠲᠤᠭᠤᠷᠢᠭ ᠤᠮᠠᠷᠠᠲᠤ ᠶᠢᠨ ᠬᠠᠮᠤᠭ ᠤᠨ ᠶᠡᠭᠡ ᠴᠡᠩᠭᠡᠭ ᠨᠠᠭᠤᠷ — ᠬᠥᠯᠥᠨ ᠨᠠᠭᠤᠷ ︵ᠲᠡᠯᠡᠶ ᠨᠠᠭᠤᠷ︶ ᠠᠴᠠ ᠨᠡᠷᠡᠯᠡᠭᠳᠡᠭᠰᠡᠨ ᠪᠥᠭᠡᠳ ᠮᠣᠩᠭᠤᠯ ᠬᠡᠯᠡᠨ ᠤ ︽ᠲᠡᠯᠡᠶ ᠨᠠᠭᠤᠷ︾ ᠭᠡᠳᠡᠭ ᠨᠢ ︽ᠲᠡᠯᠡᠶ ᠮᠡᠲᠦ ᠨᠠᠭᠤᠷ︾ ᠭᠡᠰᠡᠨ ᠤᠳᠬ᠎ᠠ ᠲᠠᠢ ᠶᠤᠮ᠃ ᠬᠠᠷᠢᠶᠠᠲᠤ ᠲᠤᠭᠤᠷᠢᠭ ᠤᠨ ᠶᠡᠷᠦᠩᠬᠡᠢ ᠲᠠᠯᠠᠪᠠᠶ ᠨᠢ 269.69 ᠺᠤᠸᠠᠲ ᠺᠢᠯᠣᠮᠧᠳ᠋ᠷ᠂ ᠪᠠᠶᠢᠭᠤᠯᠤᠭᠰᠠᠨ ᠲᠤᠭᠤᠷᠢᠭ ᠤᠨ ᠲᠠᠯᠠᠪᠠᠶ ᠨᠢ 35 ᠺᠤᠸᠠᠲ ᠺᠢᠯᠣᠮᠧᠳ᠋ᠷ᠂ ᠵᠡᠭᠦᠨᠰᠢ ᠪᠠᠷᠠᠭᠤᠨᠰᠢ ᠬᠠᠮᠤᠭ ᠤᠨ ᠣᠷᠳᠣ ᠵᠠᠢ ᠨᠢ 49.77 ᠺᠢᠯᠣᠮᠧᠳ᠋ᠷ᠂ ᠡᠮᠦᠨᠡᠰᠢ ᠤᠮᠠᠷᠠᠰᠢ ᠬᠠᠮᠤᠭ ᠤᠨ ᠥᠷᠭᠡᠨ ᠵᠠᠢ ᠨᠢ 49.83 ᠺᠢᠯᠣᠮᠧᠳ᠋ᠷ ᠪᠣᠯᠣᠨ᠎ᠠ᠃ ᠪᠠᠶᠢᠩᠭᠤ ᠰᠠᠭᠤᠭ᠎ᠠ ᠬᠥᠮᠥᠨ ᠠᠮᠠ 8.4 ᠲᠦᠮᠡ ᠪᠠᠶᠢᠵᠤ᠂ 18 ᠦᠨᠳᠦᠰᠦᠲᠡᠨ ᠲᠠᠢ᠂ 1 ᠪᠠᠯᠭᠠᠰᠤ᠂ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ᠃    ᠥᠪᠡᠷᠮᠢᠴᠡ ᠣᠨᠴᠠᠯᠢᠭ ᠲᠠᠢ᠂ ᠪᠠᠶᠢᠭᠤᠯᠤᠮᠵᠢ ᠶᠢᠨ ᠳᠦᠷᠢᠮᠲᠦ ᠰᠢᠨ᠎ᠡ ᠲᠣᠭᠤᠷᠢᠭ᠃ 2013 ᠣᠨ ᠤ 3 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠳᠦᠷᠢᠮ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 102 ᠳ᠋ᠤᠭᠠᠷ ᠬᠤᠰᠢᠭᠤ ᠰᠢᠶᠠᠨ ᠲᠣᠭᠤᠷᠢᠭ ᠪᠣᠯᠵᠤ᠂ ᠬᠥᠯᠥᠨ ᠪᠤᠶᠢᠷ ᠬᠤᠲᠠ ᠳᠤ ᠬᠠᠷᠢᠶᠠᠯᠠᠭᠳᠠᠵᠤ᠂ ᠮᠠᠨᠵᠤᠤᠷ ᠬᠤᠲᠠ ᠪᠠᠷ ᠣᠷᠣᠯᠠᠨ ᠬᠠᠮᠢᠶᠠᠷᠤᠭᠤᠯᠤᠨ᠎ᠠ᠃ 2023 ᠣᠨ ᠤ 3 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠵᠠᠯᠠᠶᠢᠨᠠᠭᠤᠷ ᠲᠣᠭᠤᠷᠢᠭ ᠢ ᠬᠥᠯᠥᠨ ᠪᠤᠶᠢᠷ ᠬᠤᠲᠠ ᠠᠴᠠ ᠰᠢᠭᠤᠳ ᠬᠠᠮᠢᠶᠠᠷᠬᠤ ᠪᠠᠷ ᠲᠣᠭᠲᠠᠭᠠᠪᠠ᠃
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ