ᠵᠠᠯᠠᠶᠢᠨᠠᠭᠤᠷ ᠲᠣᠭᠤᠷᠢᠭ ᠤᠨ ᠳᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/17
    ᠵᠠᠯᠠᠶᠢᠨᠠᠭᠤᠷ ᠲᠤᠭᠤᠷᠢᠭ ᠤᠮᠠᠷᠠᠲᠤ ᠶᠢᠨ ᠬᠠᠮᠤᠭ ᠤᠨ ᠶᠡᠭᠡ ᠴᠡᠩᠭᠡᠭ ᠨᠠᠭᠤᠷ — ᠬᠥᠯᠥᠨ ᠨᠠᠭᠤᠷ ︵ᠲᠡᠯᠡᠶ ᠨᠠᠭᠤᠷ︶ ᠠᠴᠠ ᠨᠡᠷᠡᠯᠡᠭᠳᠡᠭᠰᠡᠨ ᠪᠥᠭᠡᠳ ᠮᠣᠩᠭᠤᠯ ᠬᠡᠯᠡᠨ ᠤ ︽ᠲᠡᠯᠡᠶ ᠨᠠᠭᠤᠷ︾ ᠭᠡᠳᠡᠭ ᠨᠢ ︽ᠲᠡᠯᠡᠶ ᠮᠡᠲᠦ ᠨᠠᠭᠤᠷ︾ ᠭᠡᠰᠡᠨ ᠤᠳᠬ᠎ᠠ ᠲᠠᠢ ᠶᠤᠮ᠃ ᠬᠠᠷᠢᠶᠠᠲᠤ ᠲᠤᠭᠤᠷᠢᠭ ᠤᠨ ᠶᠡᠷᠦᠩᠬᠡᠢ ᠲᠠᠯᠠᠪᠠᠶ ᠨᠢ 269.69 ᠺᠤᠸᠠᠲ ᠺᠢᠯᠣᠮᠧᠳ᠋ᠷ᠂ ᠪᠠᠶᠢᠭᠤᠯᠤᠭᠰᠠᠨ ᠲᠤᠭᠤᠷᠢᠭ ᠤᠨ ᠲᠠᠯᠠᠪᠠᠶ ᠨᠢ 35 ᠺᠤᠸᠠᠲ ᠺᠢᠯᠣᠮᠧᠳ᠋ᠷ᠂ ᠵᠡᠭᠦᠨᠰᠢ ᠪᠠᠷᠠᠭᠤᠨᠰᠢ ᠬᠠᠮᠤᠭ ᠤᠨ ᠣᠷᠳᠣ ᠵᠠᠢ ᠨᠢ 49.77 ᠺᠢᠯᠣᠮᠧᠳ᠋ᠷ᠂ ᠡᠮᠦᠨᠡᠰᠢ ᠤᠮᠠᠷᠠᠰᠢ ᠬᠠᠮᠤᠭ ᠤᠨ ᠥᠷᠭᠡᠨ ᠵᠠᠢ ᠨᠢ 49.83 ᠺᠢᠯᠣᠮᠧᠳ᠋ᠷ ᠪᠣᠯᠣᠨ᠎ᠠ᠃ ᠪᠠᠶᠢᠩᠭᠤ ᠰᠠᠭᠤᠭ᠎ᠠ ᠬᠥᠮᠥᠨ ᠠᠮᠠ 8.4 ᠲᠦᠮᠡ ᠪᠠᠶᠢᠵᠤ᠂ 18 ᠦᠨᠳᠦᠰᠦᠲᠡᠨ ᠲᠠᠢ᠂ 1 ᠪᠠᠯᠭᠠᠰᠤ᠂ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ᠃    ᠥᠪᠡᠷᠮᠢᠴᠡ ᠣᠨᠴᠠᠯᠢᠭ ᠲᠠᠢ᠂ ᠪᠠᠶᠢᠭᠤᠯᠤᠮᠵᠢ ᠶᠢᠨ ᠳᠦᠷᠢᠮᠲᠦ ᠰᠢᠨ᠎ᠡ ᠲᠣᠭᠤᠷᠢᠭ᠃ 2013 ᠣᠨ ᠤ 3 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠳᠦᠷᠢᠮ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 102 ᠳ᠋ᠤᠭᠠᠷ ᠬᠤᠰᠢᠭᠤ ᠰᠢᠶᠠᠨ ᠲᠣᠭᠤᠷᠢᠭ ᠪᠣᠯᠵᠤ᠂ ᠬᠥᠯᠥᠨ ᠪᠤᠶᠢᠷ ᠬᠤᠲᠠ ᠳᠤ ᠬᠠᠷᠢᠶᠠᠯᠠᠭᠳᠠᠵᠤ᠂ ᠮᠠᠨᠵᠤᠤᠷ ᠬᠤᠲᠠ ᠪᠠᠷ ᠣᠷᠣᠯᠠᠨ ᠬᠠᠮᠢᠶᠠᠷᠤᠭᠤᠯᠤᠨ᠎ᠠ᠃ 2023 ᠣᠨ ᠤ 3 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠵᠠᠯᠠᠶᠢᠨᠠᠭᠤᠷ ᠲᠣᠭᠤᠷᠢᠭ ᠢ ᠬᠥᠯᠥᠨ ᠪᠤᠶᠢᠷ ᠬᠤᠲᠠ ᠠᠴᠠ ᠰᠢᠭᠤᠳ ᠬᠠᠮᠢᠶᠠᠷᠬᠤ ᠪᠠᠷ ᠲᠣᠭᠲᠠᠭᠠᠪᠠ᠃    ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠠᠭᠤᠷᠢ ᠲᠠᠢ᠃ ᠠᠯᠢ ᠡᠷᠲᠡ ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠳᠤ᠂ ︽ᠵᠠᠯᠠᠶᠢᠨᠠᠭᠤᠷ ᠬᠥᠮᠥᠨ︾ ᠠᠳᠡ ᠦᠷᠡᠵᠢᠨ ᠠᠮᠢᠳᠤᠷᠠᠵᠤ᠂ ᠠᠯᠳᠠᠷᠲᠤ ︽ᠵᠠᠯᠠᠶᠢᠨᠠᠭᠤᠷ ᠰᠣᠶᠣᠯ︾ ᠢ ᠡᠭᠦᠳᠦᠭᠰᠡᠨ ᠶᠤᠮ᠃ ᠡᠨᠡ ᠭᠠᠵᠠᠷ ᠪᠣᠯ ᠳᠤᠮᠳᠠᠳᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠤᠨ ᠰᠣᠶᠣᠯ ᠤᠨ ᠡᠭᠦᠰᠦᠯ ᠤᠨ ᠭᠠᠵᠠᠷ ᠪᠠᠶᠢᠵᠤ᠂ ᠾᠦᠩᠨᠦ᠂ ᠳ᠋ᠦᠩᠬᠡᠦ᠂ ᠰᠢᠶᠡᠨᠪᠢ ᠵᠡᠷᠭᠡ ᠦᠨᠳᠦᠰᠦᠲᠡᠨ ᠤᠷᠢᠳ ᠬᠤᠵᠢᠳ ᠠᠳᠡ ᠦᠷᠡᠵᠢᠨ ᠠᠮᠢᠳᠤᠷᠠᠵᠤ ᠪᠠᠶᠢᠵᠠᠢ᠃ ᠠᠽᠢᠶ᠎ᠠ ᠲᠢᠪ ᠤᠨ ᠬᠠᠮᠤᠭ ᠤᠨ ᠲᠣᠮᠣ ᠠᠷᠰᠯᠠᠨ ᠵᠠᠭᠠᠨ ᠤ ᠴᠢᠯᠠᠭᠤᠵᠢᠮᠠᠯ ᠢ ᠠᠳᠡ ᠠᠴᠠ ᠮᠠᠯᠲᠠᠵᠤ ᠭᠠᠷᠭᠠᠭᠠᠳ᠂ ︽ᠠᠷᠰᠯᠠᠨ ᠵᠠᠭᠠᠨ ᠤ ᠨᠤᠲᠤᠭ︾ ᠭᠡᠰᠡᠨ ᠰᠠᠶᠢᠬᠠᠨ ᠠᠯᠳᠠᠷᠲᠠᠢ ᠪᠤᠯᠤᠭᠰᠠᠨ ᠪᠠᠶᠢᠨ᠎ᠠ᠃ ᠠᠭᠤᠷᠬᠠᠢ ᠳᠤ ᠲᠦᠰᠢᠭᠯᠡᠨ ᠪᠠᠶᠢᠭᠤᠯᠵᠤ᠂ ᠨᠡᠭᠦᠷᠡᠰᠦᠨ ᠳᠤ ᠲᠦᠰᠢᠭᠯᠡᠨ ᠬᠦᠭᠵᠢᠵᠦ᠂ ᠨᠡᠭᠦᠷᠡᠰᠦ ᠮᠠᠯᠲᠠᠬᠤ ᠠᠵᠢᠯ 1902 ᠣᠨ ᠠᠴᠠ ᠡᠬᠢᠯᠡᠵᠦ᠂ ᠥᠪᠥᠷ ᠮᠣᠩᠭᠤᠯ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠥᠯᠥᠭᠡᠢ ᠪᠣᠯᠪᠠ᠃ ᠵᠠᠯᠠᠶᠢᠨᠠᠭᠤᠷ ᠲᠣᠭᠤᠷᠢᠭ ᠤᠨ ᠬᠠᠶᠢᠨ ᠲᠣᠳᠣᠯᠠᠭᠰᠠᠨ ᠨᠡᠭᠦᠷᠡᠰᠦᠨ ᠠᠭᠤᠷᠬᠠᠢ ᠶᠢᠨ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠨᠢ 100 ᠳ᠋ᠦᠩᠰᠢᠭᠤᠷ ᠲᠣᠨ ᠪᠠᠶᠢᠵᠤ᠂ ᠣᠲᠣ ᠶᠢᠨ ᠬᠤᠸᠠ ᠨᠧᠩ ᠵᠠᠯᠠᠶᠢᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠮᠰᠢᠵᠦ ᠪᠠᠶᠢᠭ᠎ᠠ ᠠᠭᠤᠷᠬᠠᠢ ᠶᠢᠨ ᠡᠷᠬᠡ ᠲᠠᠢ ᠨᠡᠭᠦᠷᠡᠰᠦᠨ ᠠᠭᠤᠷᠬᠠᠢ ᠶᠢᠨ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠨᠢ 42.48 ᠳ᠋ᠦᠩᠰᠢᠭᠤᠷ ᠲᠣᠨ ᠪᠠᠶᠢᠵᠤ᠂ ︽ᠵᠠᠭᠤᠨ ᠵᠢᠯ ᠤᠨ ᠠᠭᠤᠷᠬᠠᠢ ᠶᠢᠨ ᠪᠣᠯᠪᠠᠰᠤᠨ︾ ᠢ ᠪᠣᠶ ᠪᠣᠯᠭᠠᠵᠤ᠂ ︽ᠲᠠᠯ᠎ᠠ ᠨᠤᠲᠤᠭ ᠤᠨ ᠨᠡᠭᠦᠷᠡᠰᠦᠨ ᠬᠤᠲᠠ︾ ᠭᠡᠰᠡᠨ ᠨᠡᠷ᠎ᠡ ᠲᠠᠢ ᠶᠤᠮ᠃    2023 ᠣᠨ ᠳᠤ ᠵᠠᠯᠠᠶᠢᠨᠠᠭᠤᠷ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 73.66 ᠳ᠋ᠦᠩᠰᠢᠭᠤᠷ ᠲᠥᠭᠦᠷᠢᠭ ᠲᠤ ᠬᠦᠷᠴᠦ᠂ ᠦᠯᠦ ᠬᠤᠪᠢᠰᠬᠤ ᠦᠨ᠎ᠡ ᠪᠠᠷ ᠪᠤᠳᠤᠪᠠᠯ 5.0% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 2.59 ᠳ᠋ᠦᠩᠰᠢᠭᠤᠷ ᠲᠥᠭᠦᠷᠢᠭ ᠲᠤ ᠬᠦᠷᠴᠦ᠂ 4.5% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 49.19 ᠳ᠋ᠦᠩᠰᠢᠭᠤᠷ ᠲᠥᠭᠦᠷᠢᠭ ᠲᠤ ᠬᠦᠷᠴᠦ᠂ 2.8% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 21.89 ᠳ᠋ᠦᠩᠰᠢᠭᠤᠷ ᠲᠥᠭᠦᠷᠢᠭ ᠲᠤ ᠬᠦᠷᠴᠦ᠂ 8.3% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 3.5᠄ 66.8᠄ 29.7 ᠪᠤᠯᠤᠨ᠎ᠠ᠃
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ