ᠡᠷᠭᠦᠨ᠎ᠠ ᠬᠤᠲᠠ ᠶᠢᠨ ᠲᠡᠦᠬᠡ ᠶᠢᠨ ᠤᠯᠠ ᠮᠦᠷ
ᠨᠡᠶᠢᠲᠡᠯᠡᠭᠰᠡᠨ ᠴᠠᠭ᠄
2024/12/17
    ᠡᠷᠭᠦᠨ᠎ᠡ ᠬᠤᠲᠠ ᠶᠢᠨ ᠬᠢᠯᠢ ᠶᠢᠨ ᠱᠤᠭᠤᠮ ᠤᠨ ᠣᠷᠳᠣ ᠨᠢ 674.89 ᠺᠢᠯᠣᠮᠧᠳ᠋ᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠣᠷᠣᠰ ᠤᠨ ᠬᠢᠯᠢ ᠶᠢᠨ ᠱᠤᠭᠤᠮ ᠤᠨ 63% ᠶᠢ ᠡᠵᠡᠯᠡᠵᠦ᠂ ᠬᠢᠯᠢ ᠶᠢᠨ ᠬᠠᠮᠠᠭᠠᠯᠠᠯᠲᠠ ᠠᠴᠠ ᠪᠤᠯᠤᠭᠰᠠᠨ ᠬᠢᠯᠢ ᠶᠢᠨ ᠬᠤᠲᠠ ᠮᠦᠨ᠃ ᠵᠠᠭᠤᠨ ᠵᠢᠯ ᠤᠨ ᠬᠥᠭᠵᠢᠯᠲᠡ ᠶᠢᠨ ᠲᠡᠤᠬᠡ ᠲᠠᠢ᠃ ᠬᠠᠭᠤᠴᠢᠨ ᠳᠤᠮᠳᠠᠳᠤ ᠤᠯᠤᠰ ᠤᠨ ᠦᠶ᠎ᠡ ᠳᠤ᠂ ᠳᠡᠭᠡᠷᠡᠮᠳᠡᠬᠦ ᠪᠠ ᠳᠡᠭᠡᠷᠡᠮᠳᠡᠯ ᠢ ᠡᠰᠡᠷᠭᠦᠴᠡᠬᠦ᠂ ᠳᠠᠷᠤᠯᠠᠬᠤ ᠪᠠ ᠳᠠᠷᠤᠯᠠᠯ ᠢ ᠡᠰᠡᠷᠭᠦᠴᠡᠬᠦ᠂ ᠲᠦᠷᠢᠮᠡᠬᠡᠶᠢᠯᠡᠬᠦ ᠪᠠ ᠳᠦᠷᠢᠮᠡᠬᠡᠶᠢᠯᠡᠯ ᠢ ᠡᠰᠡᠷᠭᠦᠴᠡᠬᠦ ︽ᠴᠢᠰᠤ ᠪᠠ ᠭᠠᠯ︾ ᠤᠨ ᠳᠠᠪᠲᠠᠯᠲᠠ ᠶᠢ ᠥᠩᠭᠡᠷᠡᠭᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠡᠷᠭᠦᠨ᠎ᠡ ᠬᠤᠲᠠ ᠰᠠᠶ᠋ᠢ ᠤᠷᠲᠤ ᠬᠤᠭᠤᠴᠠᠭᠠᠨ ᠤ ᠡᠩᠬᠡ ᠲᠠᠶᠢᠪᠤᠩ ᠪᠠ ᠠᠮᠤᠷ ᠲᠣᠭᠲᠠᠭᠤᠨ ᠪᠠᠶᠢᠳᠠᠯ ᠲᠠᠢ ᠪᠤᠯᠪᠠ᠃    ︽ᠳᠤᠮᠳᠠᠳᠤ ᠣᠷᠣᠰ ᠤᠨ ᠨᠢᠪᠦ᠋ᠴᠦ᠋ ᠶᠢᠨ ᠭᠡᠷ᠎ᠡ︾ ᠶᠢ ᠲᠤᠭᠲᠠᠭᠠᠭᠰᠠᠨ ᠤ ᠳᠠᠷᠠᠭ᠎ᠠ᠂ ᠡᠷᠭᠦᠨ᠎ᠡ ᠭᠤᠣᠯ ᠨᠢ ᠳᠤᠮᠳᠠᠳᠤ ᠣᠷᠣᠰ ᠤᠨ ᠬᠢᠯᠢ ᠶᠢᠨ ᠭᠤᠣᠯ ᠪᠣᠯᠪᠠ ᠃ ᠰᠢᠨ᠎ᠡ ᠪᠠᠷ ᠡᠵᠡᠯᠡᠭᠰᠡᠨ ᠨᠤᠲᠤᠭ ᠳᠡᠪᠢᠰᠭᠡᠷ ᠢᠶᠠᠨ ᠡᠵᠡᠮᠳᠡᠬᠦ ᠶᠢᠨ ᠲᠥᠯᠥᠭᠡ᠂ ᠴᠠᠭᠠᠨ ᠬᠠᠭᠠᠨᠲᠤ ᠣᠷᠣᠰ ︽ᠬᠢᠵᠠᠭᠠᠷ ᠣᠷᠣᠨ ᠢ ᠣᠷᠣᠰᠴᠢᠯᠠᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠪᠠᠷ ᠬᠤᠪᠢᠶᠠᠵᠤ ᠤᠯᠤᠭᠰᠠᠨ ᠳᠤᠮᠳᠠᠳᠤ ᠣᠷᠣᠰ ᠤᠨ ᠬᠢᠯᠢ ᠬᠢᠵᠠᠭᠠᠷ ᠣᠷᠣᠨ ᠳᠤ ᠠᠷᠠᠳ ᠲᠦᠮᠡᠨ ᠢᠶᠠᠨ ᠨᠡᠭᠦᠯᠭᠡᠨ᠂ ᠡᠷᠭᠦᠨ᠎ᠡ ᠭᠤᠣᠯ ᠤᠨ ᠲᠡᠷᠲᠡᠭᠡ ᠡᠷᠭᠢ ᠳᠤ ᠪᠠᠷᠤᠭ ᠬᠡᠳᠦᠨ ᠠᠷᠪᠠᠨ ᠭᠠᠵᠠᠷ ᠪᠦᠷᠢ ᠳᠤ ᠨᠢᠭᠡ ᠲᠣᠰᠬᠤᠨ ᠪᠠᠶᠢᠭᠤᠯᠵᠠᠶ᠃ ᠴᠢᠩ ᠤᠯᠤᠰ ᠤᠨ ᠦᠶ᠎ᠡ ᠳᠤ᠂ ᠨᠣᠶᠠᠷᠬᠠᠭᠴᠢᠳ ᠵᠡᠭᠦᠨ ᠬᠤᠶᠢᠲᠤ ᠣᠷᠣᠨ ᠢ ᠦᠪᠡᠷ ᠤᠨ ᠡᠭᠦᠰᠦᠨ ᠮᠠᠨᠳᠤᠭᠰᠠᠨ ᠭᠠᠵᠠᠷ ᠤᠷᠤᠨ ᠢᠶᠠᠨ ᠪᠤᠯᠭᠠᠵᠤ᠂ ᠬᠦᠮᠦᠨ ᠬᠠᠷ᠎ᠠ ᠤᠴᠢᠬᠤ ᠶᠢ ᠴᠠᠭᠠᠵᠠᠯᠠᠵᠤ ᠪᠠᠶᠢᠪᠠ᠃ ᠴᠠᠭᠠᠨ ᠬᠠᠭᠠᠨᠲᠤ ᠣᠷᠣᠰ ᠤᠨ ᠠᠯᠲᠠᠨ ᠤ ᠳᠡᠭᠡᠷᠡᠮ ᠲᠠᠢ ᠲᠡᠮᠡᠴᠡᠬᠦ ᠶᠠᠪᠤᠴᠠ ᠳᠤ᠂ ᠴᠢᠩ ᠤᠯᠤᠰ ᠤᠨ ᠵᠠᠰᠠᠭ ᠤᠨ ᠭᠠᠵᠠᠷ ︽ᠮᠥᠷᠡᠨ ᠳᠠᠭᠠᠤ ᠬᠠᠷᠠᠭᠤᠯ ᠦᠭᠡᠶ ᠪᠤᠯ ᠰᠠᠬᠢᠨ ᠬᠠᠮᠠᠭᠠᠯᠠᠬᠤ ᠨᠢ ᠡᠭᠦᠳᠡ ᠡᠷᠦᠬᠡ ᠪᠠᠨ ᠪᠠᠬᠢᠵᠢᠭᠦᠯᠵᠦ ᠳᠡᠶᠢᠯᠬᠦ ᠦᠭᠡᠶ︾ ᠭᠡᠳᠡᠭ ᠢ ᠲᠠᠨᠢᠵᠤ ᠣᠯᠵᠠᠶ᠃    1727 ᠣᠨ ᠠᠴᠠ 1883 ᠣᠨ ᠪᠣᠯᠲᠠᠯ᠎ᠠ᠂ ᠴᠢᠩ ᠤᠯᠤᠰ ᠤᠨ ᠵᠠᠰᠠᠭ ᠤᠨ ᠣᠷᠳᠣᠨ ᠠᠴᠠ ᠡᠷᠭᠦᠨ᠎ᠡ ᠭᠤᠣᠯ ᠤᠨ ᠡᠷᠭᠢ ᠳᠠᠭᠠᠤ 20 ᠺᠠᠯᠤᠨ ︵ᠳᠠᠷᠤᠶ ᠬᠠᠷᠠᠭᠤᠯ ᠤᠨ ᠭᠠᠵᠠᠷ︶ ᠪᠠᠶᠢᠭᠤᠯᠵᠤ᠂ ᠡᠭᠦᠨ ᠳᠤ 14 ᠬᠠᠷᠠᠭᠤᠯ ᠤᠨ ᠭᠠᠵᠠᠷ ᠨᠢ ᠤᠳᠤ ᠶᠢᠨ ᠡᠷᠭᠦᠨ᠎ᠡ ᠬᠤᠲᠠ ᠶᠢᠨ ᠬᠢᠯᠢ ᠳᠤᠲᠤᠷ᠎ᠠ ᠪᠠᠶᠢᠵᠤ᠂ ᠬᠥᠯᠥᠨ ᠪᠤᠶᠢᠷ ᠤᠨ ᠬᠤᠰᠢᠭᠤ ᠶᠢ ᠵᠠᠬᠢᠷᠬᠤ ᠳᠡᠳ᠋ ᠰᠠᠶᠢᠳ ᠳᠤ ᠬᠠᠮᠢᠶᠠᠷᠤᠭᠳᠠᠪᠠ᠃ ᠢᠷᠭᠡᠨ ᠤᠯᠤᠰ ᠂ ᠡᠨᠡ ᠳᠦᠷᠢᠮ ᠢ ᠦᠷᠭᠦᠯᠵᠢᠯᠡᠨ ᠬᠡᠷᠡᠭᠯᠡᠵᠡᠶ᠃ 1932 ᠣᠨ ᠳᠤ᠂ ᠬᠠᠭᠤᠷᠮᠠᠭ ᠮᠠᠨᠵᠤ ᠶᠢᠨ ᠵᠠᠰᠠᠭ ᠤᠨ ᠣᠷᠳᠣᠨ ᠲᠤᠰ ᠳᠦᠷᠢᠮ ᠢ ᠬᠦᠴᠦᠨ ᠦᠭᠡᠢ ᠪᠤᠯᠭᠠᠪᠠ᠃    ᠳᠤᠮᠳᠠᠳᠤ ᠣᠷᠣᠰ ᠤᠨ ᠬᠢᠯᠢ ᠶᠢᠨ ᠱᠤᠭᠤᠮ ᠬᠡᠳᠦ ᠤᠷᠲᠤ ᠪᠥᠭᠡᠳ ᠬᠥᠮᠦᠨ ᠬᠠᠷ᠎ᠠ ᠦᠭᠡᠶ ᠪᠣᠯᠬᠤᠷ ᠬᠠᠷᠠᠭᠤᠯ ᠤᠨ ᠭᠠᠵᠠᠷ ᠴᠤ ᠠᠯᠲᠠᠨ ᠤ ᠳᠡᠭᠡᠷᠡᠮ ᠤᠨ ᠭᠠᠯᠵᠠᠭᠤᠷᠠᠭᠰᠠᠨ ᠮᠡᠲᠦ ᠬᠤᠯᠠᠭᠠᠶᠢᠯᠠᠨ ᠮᠠᠯᠲᠠᠬᠤ ᠶᠢ ᠬᠤᠷᠢᠭᠯᠠᠵᠤ ᠴᠢᠳᠠᠬᠤ ᠦᠭᠡᠶ ᠶᠤᠮ᠃ ᠴᠢᠩ ᠤᠯᠤᠰ ᠤᠨ ᠵᠠᠰᠠᠭ ᠤᠨ ᠣᠷᠳᠣᠨ ᠤ ᠬᠡᠯᠡᠯᠴᠡᠬᠦ ᠪᠠ ᠲᠠᠷᠬᠠᠭᠠᠬᠤ ᠠᠷᠭ᠎ᠠ ᠪᠠᠷ ᠠᠯᠲᠠᠨ ᠤ ᠳᠡᠭᠡᠷᠡᠮ ᠢ ᠦᠯᠳᠡᠨ ᠬᠥᠭᠡᠭᠡᠬᠦ ᠭᠡᠰᠡᠨ ᠬᠦᠰᠡᠯ ᠨᠢ ᠪᠦᠷᠢᠮᠦᠰᠦᠨ ᠬᠤᠭᠤᠰᠤᠷᠠᠵᠤ᠂ ᠠᠷᠭ᠎ᠠ ᠪᠤᠰᠤ ᠵᠡᠪᠰᠡᠭᠲᠦ ᠬᠦᠴᠦᠨ ᠢᠶᠠᠷ ᠦᠯᠳᠡᠨ ᠬᠥᠭᠡᠭᠡᠬᠦ ᠶᠢ ᠪᠤᠳᠤᠯᠬᠢᠯᠠᠪᠠ᠃ ᠲᠡᠷᠡ ᠮᠦᠷᠲᠡᠭᠡᠨ 1885 ᠣᠨ ᠪᠠ 1886 ᠣᠨ ᠳᠤ᠂ ᠬᠤᠶᠠᠷ ᠤᠳᠠᠭ᠎ᠠ ᠶᠡᠭᠡ ᠬᠡᠪᠴᠢᠶᠡᠨ ᠤ ᠴᠡᠪᠡᠷᠯᠡᠨ ᠤᠰᠠᠳᠬᠠᠬᠤ ᠠᠵᠢᠯᠯᠠᠭ᠎ᠠ ᠦᠷᠨᠢᠭᠦᠯᠵᠦ᠂ ᠬᠠᠭᠤᠷᠮᠠᠭ ︽ᠪᠥᠬᠦᠳᠡ ᠨᠠᠶᠢᠷᠠᠮᠳᠠᠬᠤ ᠿᠤᠷᠲ᠋ᠦ᠋ᠭ᠎ᠠ ᠤᠯᠤᠰ︾ ᠢ ᠮᠥᠬᠦᠭᠡᠵᠡᠶ᠃    1908 ᠣᠨ ᠳᠤ᠂ ᠠᠯᠲᠠ ᠮᠠᠯᠲᠠᠬᠤ ᠦᠢᠯᠡᠰ ᠤᠨ ᠬᠥᠭᠵᠢᠯᠲᠡ ᠶᠢ ᠳᠠᠭᠠᠯᠳᠤᠨ᠂ ᠬᠢᠯᠢ ᠶᠢᠨ ᠠᠷᠠᠳ ᠲᠥᠪᠯᠡᠷᠡᠨ ᠰᠠᠭᠤᠷᠢᠰᠢᠭᠰᠠᠨ ᠣᠷᠣᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠴᠢᠩ ᠤᠯᠤᠰ ᠤᠨ ᠵᠠᠰᠠᠭ ᠤᠨ ᠤᠷᠳᠤᠨ ᠠᠴᠠ ᠣᠳᠣ ᠶᠢᠨ ᠰᠢᠪᠡᠭᠡ ᠲᠣᠰᠬᠤᠨ ᠳᠤ ᠵᠢᠯᠠᠯᠢᠨ ᠤ ᠵᠠᠰᠠᠭ ᠵᠠᠬᠢᠷᠭᠠᠨ ᠤ ᠲᠣᠪᠴᠢᠶ᠎ᠠ ᠶᠢ ᠪᠠᠶᠢᠭᠤᠯᠵᠠᠶ᠃ ᠲᠣᠪᠴᠢᠶ᠎ᠠ ᠪᠠᠶᠢᠭᠤᠯᠤᠭᠰᠠᠨ ᠪᠣᠯ ᠰᠢᠶᠠᠨ ᠤ ᠳᠦᠷᠢᠮ ᠢ ᠪᠠᠶᠢᠭᠤᠯᠬᠤ ᠶᠢᠨ ᠪᠡᠯᠡᠳᠬᠡᠯ ᠮᠥᠨ᠃ ᠵᠢᠯᠠᠯᠢᠨ ᠤ ᠵᠠᠰᠠᠭ ᠵᠠᠬᠢᠷᠭᠠᠨ ᠤ ᠲᠣᠪᠴᠢᠶ᠎ᠠ ᠪᠣᠯ ᠡᠷᠭᠦᠨ᠎ᠡ ᠶᠢᠨ ᠬᠢᠯᠢ ᠳᠣᠲᠣᠷᠠᠬᠢ ᠠᠩᠬᠠᠳᠠᠭᠴᠢ ᠪᠡᠯᠡᠳᠭᠡᠯ ᠰᠢᠶᠠᠨ ᠤ ᠳᠦᠷᠢᠮ ᠤᠨ ᠪᠠᠶᠢᠭᠤᠯᠭ᠎ᠠ ᠮᠥᠨ᠃ ᠴᠢᠩ ᠤᠯᠤᠰ ᠤᠨ ᠬᠠᠭᠠᠨᠲᠤ ᠲᠦᠷᠦ ᠮᠥᠬᠦᠭᠰᠡᠨ ᠤ ᠳᠠᠷᠠᠭ᠎ᠠ᠂ ᠢᠷᠭᠡᠨ ᠤᠯᠤᠰ ᠤᠨ ᠵᠠᠰᠠᠭ ᠤᠨ ᠣᠷᠳᠣᠨ ᠲᠤᠰ ᠰᠢᠶᠠᠨ ᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠪᠡ᠃    1920 ᠣᠨ ᠳᠤ᠂ ᠡᠷᠭᠦᠨ᠎ᠡ ᠶᠢᠨ ᠬᠢᠯᠢ ᠳᠤᠲᠤᠷᠠᠬᠢ ᠠᠩᠬᠠᠳᠠᠭᠴᠢ ᠣᠷᠣᠨ ᠨᠤᠲᠤᠭ ᠤᠨ ᠵᠠᠰᠠᠭ ᠤᠨ ᠡᠷᠬᠡ — ᠰᠢᠪᠡᠭᠡ ᠰᠢᠶᠠᠨ ᠢ ᠪᠠᠶᠢᠭᠤᠯᠵᠠᠶ᠃    1921 ᠣᠨ ᠳᠤ᠂ ᠬᠢᠶᠠᠨ ᠰᠢᠶᠠᠨ ᠢ ᠨᠡᠮᠡᠨ ᠪᠠᠶᠢᠭᠤᠯᠪᠠ᠃ ᠣᠳᠣ ᠶᠢᠨ ᠡᠷᠭᠦᠨ᠎ᠡ ᠬᠤᠲᠠ ᠶᠢᠨ ᠭᠠᠵᠠᠷ ᠣᠷᠣᠨ ᠤ ᠬᠡᠯᠪᠡᠷᠢ ᠨᠢ ᠶᠠᠭ ᠢᠷᠭᠡᠨ ᠤᠯᠤᠰ ᠤᠨ ᠦᠶ᠎ᠡ ᠶᠢᠨ ᠰᠢᠪᠡᠭᠡ ᠰᠢᠶᠠᠨ᠂ ᠬᠢᠶᠠᠨ ᠰᠢᠶᠠᠨ ᠤ ᠬᠠᠷᠢᠶ᠎ᠠ ᠣᠷᠣᠨ ᠤ ᠬᠡᠯᠪᠡᠷᠢ ᠠᠴᠠ ᠤᠯᠠᠮᠵᠢᠯᠠᠭᠳᠠᠨ ᠢᠷᠡᠭᠰᠡᠨ ᠪᠠᠶᠢᠨ᠎ᠠ᠃    ᠢᠷᠭᠡᠨ ᠤᠯᠤᠰ ᠤᠨ ᠬᠤᠷᠢᠨ ᠬᠤᠶᠠᠳᠤᠭᠠᠷ ᠣᠨ ︵1933 ᠣᠨ︶ ᠳᠤ᠂ ᠬᠠᠭᠤᠷᠮᠠᠭ ᠮᠠᠨᠵᠤ ᠤᠯᠤᠰ ᠰᠢᠪᠡᠭᠡ ᠰᠢᠶᠠᠨ ᠪᠣᠯᠤᠨ ᠬᠢᠶᠠᠨ ᠰᠢᠶᠠᠨ ᠢ ᠡᠷᠭᠦᠨ᠎ᠡ ᠵᠡᠭᠦᠨ ᠭᠠᠷᠤᠨ ᠬᠤᠰᠢᠭᠤ ᠪᠣᠯᠤᠨ ᠡᠷᠭᠦᠨ᠎ᠡ ᠪᠠᠷᠠᠭᠤᠨ ᠭᠠᠷᠤᠨ ᠬᠤᠰᠢᠭᠤ ᠭᠡᠵᠦ ᠥᠭᠡᠷᠡᠴᠢᠯᠡᠵᠡᠶ᠃    ᠢᠷᠭᠡᠨ ᠤᠯᠤᠰ ᠤᠨ ᠭᠤᠴᠢᠨ ᠳᠣᠯᠣᠳᠤᠭᠠᠷ ᠣᠨ ︵1948 ᠣᠨ︶ ᠳᠤ᠂ ᠡᠷᠭᠦᠨ᠎ᠡ ᠬᠤᠰᠢᠭᠤ ᠪᠤᠯᠭᠠᠵᠤ᠂ ᠠᠷᠠᠳ ᠤᠨ ᠵᠠᠰᠠᠭ ᠤᠨ ᠣᠷᠳᠣᠨ ᠢ ᠰᠠᠨ ᠾᠧ ᠪᠠᠯᠭᠠᠰᠤᠨ ᠳᠤ ᠪᠠᠶᠢᠷᠢᠯᠠᠭᠤᠯᠪᠠ᠃    1966 ᠣᠨ ᠤ 1 ᠰᠠᠷ᠎ᠠ ᠳᠤ᠂ ᠳᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠡᠷᠭᠦᠨ᠎ᠡ ᠬᠤᠰᠢᠭᠤ ᠶᠢ ᠦᠭᠡᠢ ᠪᠤᠯᠭᠠᠵᠤ᠂ ᠵᠡᠭᠦᠨ ᠪᠠᠷᠠᠭᠤᠨ ᠬᠤᠶᠠᠷ ᠬᠤᠰᠢᠭᠤ ᠪᠠᠶᠢᠭᠤᠯᠤᠭᠰᠠᠨ ᠪᠥᠭᠡᠳ 1961 ᠣᠨ ᠳᠤ ᠬᠠᠭᠤᠴᠢᠨ ᠪᠠᠷᠭᠤ ᠬᠤᠰᠢᠭᠤᠨ ᠤ ᠰᠠᠨ ᠾᠧ᠂ ᠳᠡᠭᠡᠳᠦ ᠦᠷᠭᠡᠨ᠂ ᠯᠠᠪᠳᠠᠯᠢᠨ ᠢ ᠡᠷᠭᠦᠨ᠎ᠡ ᠪᠠᠷᠠᠭᠤᠨ ᠬᠤᠰᠢᠭᠤᠨ ᠳᠤ ᠬᠤᠪᠢᠶᠠᠵᠤ ᠦᠭᠪᠡ᠃    1975 ᠣᠨ ᠳᠤ᠂ ᠬᠤᠰᠢᠭᠤᠨ ᠤ ᠵᠠᠰᠠᠭ ᠤᠨ ᠣᠷᠳᠣᠨ ᠢ ᠯᠠᠪᠳᠠᠯᠢᠨ ᠳᠤ ᠨᠡᠭᠦᠯᠭᠡᠪᠡ᠃    1994 ᠣᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠡᠷᠭᠦᠨ᠎ᠡ ᠪᠠᠷᠠᠭᠤᠨ ᠬᠤᠰᠢᠭᠤ ᠶᠢ ᠦᠭᠡᠢ ᠪᠤᠯᠭᠠᠵᠤ᠂ ᠡᠷᠭᠦᠨ᠎ᠡ ᠬᠤᠲᠠ ︵ᠰᠢᠶᠠᠨ ᠤ ᠱᠠᠲᠤ︶ ᠶᠢ ᠪᠠᠶᠢᠭᠤᠯᠤᠨ᠂ ᠤᠤᠯ ᠤᠨ ᠡᠷᠭᠦᠨ᠎ᠡ ᠪᠠᠷᠠᠭᠤᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠢ ᠡᠷᠭᠦᠨ᠎ᠡ ᠬᠤᠲᠠ ᠶᠢᠨ ᠵᠠᠰᠠᠭ ᠵᠠᠬᠢᠷᠭᠠᠨ ᠤ ᠣᠷᠣᠨ ᠪᠤᠯᠭᠠᠪᠠ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ