ᠡᠷᠭᠦᠨ᠎ᠡ ᠬᠤᠳᠠ ᠡᠷᠭᠦᠨ᠎ᠡ ᠭᠤᠣᠯ ᠪᠤᠯᠵᠤ ᠢᠩᠭᠢᠵᠤ ᠨᠡᠷᠡᠯᠡᠭᠳᠡᠪᠡ᠃ ᠮᠣᠩᠭᠤᠯ ᠬᠡᠯᠡᠨ ᠳᠤ ︽ᠡᠷᠭᠦᠨ ᠳᠡᠪᠰᠢᠭᠦᠯᠬᠦ᠂ ᠡᠷᠭᠦᠨ ᠪᠠᠷᠢᠬᠤ︾ ᠭᠡᠰᠡᠨ | ᠤᠳᠬ᠎ᠠ ᠲᠠᠢ᠂ ︽ᠬᠥᠯᠥᠨ ᠪᠤᠶᠢᠷ ᠤᠨ ᠬᠤᠷᠢᠶᠠᠩᠭᠤᠢ ᠳᠦᠷᠰᠦ︾ ᠭᠡᠰᠡᠨ ᠰᠠᠶᠢᠬᠠᠨ ᠨᠡᠷ᠎ᠡ ᠲᠠᠢ᠂ ᠬᠥᠯᠥᠨ ᠪᠤᠶᠢᠷ ᠬᠤᠳᠠ ᠶᠢᠨ ᠨᠡᠷ᠎ᠡ ᠶᠢᠨ ᠬᠠᠭᠤᠳᠠᠰᠤ ᠪᠣᠯᠤᠨ᠎ᠠ | ᠃ ᠶᠡᠷᠦᠩᠬᠡᠶ ᠬᠥᠮᠦᠨ ᠠᠮᠠ ᠨᠢ 6.8 ᠲᠦᠮᠡ ᠪᠠᠶᠢᠵᠤ᠂ ᠶᠡᠷᠦᠩᠬᠡᠶ ᠲᠠᠯᠠᠪᠠᠶ ᠨᠢ 2.89 ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠬᠥᠯᠥᠨ ᠪᠤᠶᠢᠷ ᠤᠨ | ᠨᠤᠲᠤᠭ ᠳᠡᠪᠢᠰᠭᠡᠷ ᠤᠨ ᠶᠡᠷᠦᠩᠬᠡᠶ ᠲᠠᠯᠠᠪᠠᠶ ᠶᠢᠨ 11.4% ᠶᠢ ᠡᠵᠡᠯᠡᠨ᠂ ᠡᠯ᠎ᠡ ᠬᠤᠰᠢᠭᠤ ᠬᠤᠲᠠ ᠲᠣᠭᠤᠷᠢᠭ ᠤᠨ ᠳᠤᠮᠳᠠ ᠬᠤᠶᠠᠳᠤᠭᠠᠷ ᠲᠤ ᠤᠷᠤᠪᠠ᠃ | ᠬᠠᠷᠢᠶᠠᠨ ᠳᠤ 1 ᠰᠤᠮᠤ᠂ 3 ᠰᠢᠶᠠᠩ᠂ 3 ᠪᠠᠯᠭᠠᠰᠤ᠂ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ᠃ ᠣᠷᠣᠨ ᠪᠠᠶᠢᠷᠢ ᠨᠢ ᠢᠯᠡᠷᠬᠡᠶ ᠪᠠᠶᠢᠨ᠎ᠠ᠃ ᠡᠬᠡ | ᠤᠷᠤᠨ ᠤ ᠬᠠᠮᠤᠭ ᠤᠨ ᠬᠤᠶᠢᠲᠤ ᠵᠠᠬ᠎ᠠ ᠳᠤ ᠪᠠᠶᠢᠷᠢᠯᠠᠵᠤ᠂ ᠪᠠᠷᠠᠭᠤᠨ ᠬᠤᠶᠢᠲᠤ ᠬᠡᠰᠡᠭ ᠤᠨ ᠡᠷᠭᠦᠨ᠎ᠡ ᠭᠤᠣᠯ ᠢᠶᠠᠷ ᠵᠠᠭᠠᠭᠯᠠᠵᠤ᠂ ᠤᠷᠤᠰ ᠲᠠᠢ ᠡᠰᠡᠷᠬᠦ ᠬᠠᠷᠢᠯᠴᠠᠵᠤ | ᠪᠠᠶᠢᠨ᠎ᠠ᠃ ᠬᠢᠯᠢ ᠶᠢᠨ ᠱᠤᠭᠤᠮ ᠤᠨ ᠤᠷᠳᠤ ᠨᠢ 674.89 ᠺᠢᠯᠤᠮᠧᠳ᠋ᠷ ᠪᠠᠶᠢᠵᠤ᠂ ᠪᠦᠬᠦ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠷᠤᠰ ᠤᠨ ᠬᠢᠯᠢ ᠶᠢᠨ | ᠱᠤᠭᠤᠮ ᠤᠨ 63% ᠶᠢ ᠡᠵᠡᠯᠡᠵᠦ᠂ ᠾᠧᠢ ᠱᠠᠨ ᠳᠧᠦ᠂ ᠰᠢᠪᠡᠭᠡ ᠬᠤᠶᠠᠷ ᠤᠯᠤᠰ ᠤᠨ ᠨᠢᠭᠡᠳᠦᠭᠡᠷ ᠲᠦᠷᠦᠯ ᠤᠨ ᠪᠣᠭᠤᠮᠲᠠ ᠪᠠᠶᠢᠵᠤ᠂ ᠡᠬᠡ ᠤᠯᠤᠰ ᠤᠨ | ᠨᠤᠲᠤᠭ ᠳᠡᠪᠢᠰᠬᠡᠷ ᠳᠡᠭᠡᠷᠡᠬᠢ ᠬᠠᠮᠤᠭ ᠤᠨ ᠭᠤᠶᠤ ᠰᠠᠶᠢᠬᠠᠨ᠂ ᠨᠢᠳᠦ ᠭᠢᠯᠠᠰᠤᠮ᠎ᠠ ︽ᠡᠷᠡᠭᠴᠢᠨ ᠲᠠᠬᠢᠶ᠎ᠠ ᠶᠢᠨ ᠮᠠᠩᠯᠠᠢ︾ ᠪᠣᠯᠬᠤ ᠪᠥᠭᠡᠳ ᠪᠠᠰᠠ ᠬᠠᠷᠠᠮᠥ᠋ᠷᠡᠨ ᠤ | ᠡᠬᠢ ᠠᠪᠤᠭᠰᠠᠨ ᠭᠠᠵᠠᠷ᠂ ᠶᠡᠭᠡ ᠬᠢᠩᠭᠠᠨ ᠳᠠᠪᠠᠭᠠᠨ ᠤ ᠤᠮᠠᠷᠠᠲᠤ ᠬᠡᠰᠡᠭ ᠤᠨ ᠡᠬᠢᠯᠡᠯᠲᠡ ᠶᠢᠨ ᠴᠡᠭ᠂ ᠮᠣᠩᠭᠤᠯ ᠦᠨᠳᠦᠰᠦᠲᠡᠨ ᠤ ᠡᠭᠦᠰᠦᠭᠰᠡᠨ ᠭᠠᠵᠠᠷ ᠮᠦᠨ᠃ | ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠨ᠎ᠠ᠃ 19 ᠦᠨᠳᠦᠰᠦᠲᠡᠨ ᠡᠶ᠎ᠡ ᠨᠠᠶᠢᠷᠠᠮᠳᠠᠭᠤ ᠬᠠᠮᠲᠤᠪᠠᠷ ᠤᠷᠤᠰᠢᠨ ᠠᠮᠢᠳᠤᠷᠠᠵᠤ ᠪᠠᠶᠢᠨ᠎ᠠ᠃ ᠪᠦᠬᠦ | ᠤᠯᠤᠰ ᠤᠨ ᠴᠣᠷ ᠤᠨ ᠭᠠᠭᠴᠠ ᠣᠷᠣᠰ ᠦᠨᠳᠦᠰᠦᠲᠡᠨ ᠤ ᠰᠢᠶᠠᠩ — ᠡᠩᠬᠡ ᠶᠢᠨ ᠣᠷᠣᠰ ᠦᠨᠳᠦᠰᠦᠲᠡᠨ ᠤ ᠰᠢᠶᠠᠩ ᠪᠠ ᠥᠪᠡᠷᠲᠡᠭᠡᠨ ᠵᠠᠰᠠᠬᠤ ᠣᠷᠣᠨ ᠤ | ᠴᠣᠷ ᠤᠨ ᠭᠠᠭᠴᠠ ᠬᠤᠲᠣᠩ ᠦᠨᠳᠦᠰᠦᠲᠡᠨ ᠤ ᠰᠢᠶᠠᠩ — ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠪᠠᠶᠢᠨ᠎ᠠ᠃ ᠠᠮᠢ ᠠᠬᠤᠶ ᠶᠢᠨ ᠡᠬᠢ ᠪᠠᠶᠠᠯᠢᠭ | ᠡᠯᠪᠡᠭ ᠳᠡᠯᠪᠡᠭ ᠪᠠᠶᠢᠨ᠎ᠠ᠃ ᠪᠥᠬᠦ ᠬᠤᠲᠠ ᠳᠤ 282.65 ᠲᠦᠮᠡᠨ ᠮᠥ ᠲᠠᠷᠢᠶᠠᠨ ᠭᠠᠵᠠᠷ᠂ 545.71 ᠲᠦᠮᠡᠨ ᠮᠥ ᠡᠪᠡᠰᠦᠲᠦ ᠭᠠᠵᠠᠷ᠂ 209.02 ᠲᠦᠮᠡᠨ | ᠾᠧᠺᠲ᠋ᠠᠷ ᠣᠶᠢᠲᠤ ᠭᠠᠵᠠᠷ᠂ 4553.9 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠷᠭᠤᠭ᠎ᠠ ᠮᠣᠳᠣᠨ ᠤ ᠬᠤᠷᠠᠮᠳᠤᠯ ᠲᠠᠢ᠃ ᠳᠡᠯᠡᠪᠡᠷ ᠤᠨ ᠠᠭᠤᠷᠬᠠᠶ ᠶᠢᠨ | ᠪᠦᠰᠡᠨ ᠳᠤ ᠪᠠᠶᠢᠷᠢᠯᠠᠵᠤ᠂ ᠨᠢᠭᠡᠨᠲᠡ 24 ᠵᠦᠢᠯ ᠤᠨ ᠠᠭᠤᠷᠬᠠᠶ ᠶᠢᠨ ᠭᠠᠷᠤᠯᠲᠠ ᠶᠢ ᠢᠯᠡᠷᠡᠭᠦᠯᠪᠡ᠃ ᠤᠰᠤᠨ ᠤ ᠡᠬᠢ ᠪᠠᠶᠠᠯᠢᠭ ᠤᠨ ᠬᠠᠳᠠᠭᠠᠯᠠᠭᠳᠠᠴᠠ 30.42 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ᠂ ᠰᠠᠪᠠ ᠭᠠᠵᠠᠷ ᠤᠨ ᠲᠠᠯᠠᠪᠠᠶ ᠨᠢ 100 ᠲᠡᠭᠰᠢ ᠳᠥᠷᠪᠡᠯᠵᠢᠨ ᠺᠢᠯᠣᠮᠧᠳ᠋ᠷ ᠢ ᠳᠠᠪᠠᠭᠰᠠᠨ ᠭᠤᠤᠯ ᠮᠥᠷᠡᠨ 86 | ᠪᠠᠶᠢᠵᠤ᠂ ᠥᠨᠳᠥᠷ ᠥᠷᠭᠡᠷᠢᠭ᠂ ᠳᠣᠤᠷ᠎ᠠ ᠡᠷᠭᠦᠭᠳᠡᠴᠡ ᠲᠠᠢ ᠪᠠᠶᠢᠭᠠᠯᠢ ᠶᠢᠨ ᠮᠣᠳᠣᠯᠢᠭ ᠤᠷᠭᠤᠮᠠᠯ ᠤᠨ ᠲᠥᠷᠥᠯ ᠲᠠᠢ ︽ᠠᠽᠢᠶ᠎ᠠ ᠲᠢᠪ ᠤᠨ ᠨᠢᠭᠡᠳᠦᠭᠡᠷ ᠨᠤᠭᠤ | ᠭᠠᠵᠠᠷ︾ ᠪᠠᠶᠢᠨ᠎ᠠ᠃ | ᠡᠷᠭᠦᠨ᠎ᠡ ᠬᠤᠳᠠ ᠤᠷᠢᠳ ᠬᠤᠵᠢᠳ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ | ᠦᠵᠡᠭᠦᠯᠬᠦ ᠨᠢᠭᠡᠴᠡ︾᠂ ︽ᠪᠥᠬᠦ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠰᠢᠯᠢᠳᠡᠭ ᠬᠤᠲᠠ︾᠂ ︽ᠪᠥᠬᠦ ᠤᠯᠤᠰ ᠤᠨ | ᠲᠦᠷᠦᠭᠦᠤ ᠪᠦᠯᠦᠭ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠪᠦᠬᠦᠯᠢ ᠴᠣᠭᠴᠠ ᠶᠢ ᠳᠥᠯᠭᠢᠨ ᠠᠬᠢᠭᠤᠯᠬᠤ ᠲᠤᠷᠰᠢᠯᠲᠠ ᠶᠢᠨ ᠰᠢᠶᠠᠨ︾᠂ ︽ᠪᠥᠬᠦ | ᠤᠯᠤᠰ ᠤᠨ ᠭᠤᠤᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠧᠬᠠᠨᠢᠭᠵᠢᠭᠤᠯᠤᠯᠲᠠ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠵᠢᠱᠢᠶ᠎ᠡ | ᠦᠵᠡᠭᠦᠯᠬᠦ ᠰᠢᠶᠠᠨ︾᠂ ︽ᠪᠥᠬᠦ ᠤᠯᠤᠰ ᠤᠨ ᠤᠯᠠᠮᠵᠢᠯᠠᠯᠲᠤ ᠠᠶᠢᠯ ᠲᠣᠰᠬᠤᠨ ᠢ ᠲᠥᠪᠯᠡᠷᠡᠭᠦᠯᠦᠨ ᠵᠠᠯᠭᠠᠯᠳᠤᠭᠤᠯᠤᠨ ᠬᠠᠮᠠᠭᠠᠯᠠᠵᠤ ᠠᠰᠢᠭᠯᠠᠬᠤ ᠵᠢᠱᠢᠶ᠎ᠡ | ᠦᠵᠡᠭᠦᠯᠬᠦ ᠰᠢᠶᠠᠨ︾᠂ ︽ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠪᠤᠯᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ︾᠂ ︽ | ᠤᠯᠤᠰ ᠤᠨ ᠲᠡᠰ ᠤᠨ ᠪᠦᠬᠦ ᠣᠷᠣᠨ ᠪᠦᠰᠡ ᠶᠢᠨ ᠤᠢ ᠰᠢᠭᠤᠢ ᠶᠢᠨ ᠡᠷᠡᠭᠦᠯᠵᠢᠯ ᠤᠨ ᠲᠤᠷᠰᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠤᠳᠠ︾ ᠪᠠᠷ | ᠦᠨᠡᠯᠡᠭᠳᠡᠪᠡ᠃ ᠪᠠᠰᠠ ︽ᠤᠯᠤᠰ ᠤᠨ ᠲᠡᠰ ᠤᠨ ᠠᠯᠳᠠᠷᠲᠤ ᠦᠵᠡᠮᠵᠢ ᠶᠢᠨ ᠣᠷᠣᠨ︾ ᠢᠶᠠᠷ ᠦᠨᠡᠯᠡᠭᠳᠡᠪᠡ᠃ ᠪᠥᠬᠦ ᠬᠤᠲᠠ ᠳᠤ 4A ᠲᠠᠰ ᠤᠨ ᠦᠵᠡᠮᠵᠢ ᠶᠢᠨ | ᠣᠷᠣᠨ 5 ᠪᠠᠶᠢᠵᠤ᠂ ᠡᠷᠭᠦᠨ᠎ᠡ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠡᠷᠭᠦᠨ᠎ᠡ ᠶᠢᠨ ᠤᠯᠤᠰ ᠤᠨ ᠨᠤᠭᠤ ᠭᠠᠵᠠᠷ ᠤᠨ | ᠴᠡᠴᠡᠷᠯᠢᠭ᠂ ᠡᠷᠭᠦᠨ᠎ᠡ ᠶᠢᠨ ᠤᠯᠤᠰ ᠤᠨ ᠠᠭᠤᠷᠬᠠᠶ ᠶᠢᠨ ᠴᠡᠴᠡᠷᠯᠢᠭ ᠪᠠ ᠮᠤᠷᠳᠠᠭ᠎ᠠ ᠶᠢᠨ ᠤᠯᠤᠰ ᠤᠨ ᠣᠶ ᠰᠢᠭᠤᠶ ᠶᠢᠨ ᠴᠡᠴᠡᠷᠯᠢᠭ ᠪᠠᠶᠢᠨ᠎ᠠ᠃ ᠮᠤᠷᠳᠠᠭ᠎ᠠ | ᠪᠠᠯᠭᠠᠰᠤ ᠳᠤᠮᠳᠠᠳᠤ ᠤᠯᠤᠰ ᠤᠨ ᠨᠢᠭᠡᠳᠦᠭᠡᠷ ᠪᠦᠯᠦᠭ ᠤᠨᠴᠠᠯᠢᠬᠳᠤ ᠵᠢᠵᠢᠭ ᠪᠠᠯᠭᠠᠰᠤ ᠪᠠᠷ ᠰᠤᠩᠭᠤᠭᠳᠠᠪᠠ᠃ 5 ᠰᠢᠶᠠᠩ ᠪᠠᠯᠭᠠᠰᠤ ᠨᠢ ︽ᠪᠥᠬᠦ ᠤᠯᠤᠰ ᠤᠨ | ᠤᠨᠴᠠᠯᠢᠬᠳᠤ ᠵᠢᠭᠤᠯᠴᠢᠯᠠᠯ ᠤᠨ ᠦᠵᠡᠮᠵᠢ ᠶᠢᠨ ᠨᠠᠷᠠᠲᠤ ᠪᠠᠯᠭᠠᠰᠤ︾ ᠪᠠᠷ ᠰᠤᠩᠭᠤᠭᠳᠠᠪᠠ᠃ 11 ᠲᠣᠰᠬᠤᠨ ᠨᠢ ︽ᠳᠤᠮᠳᠠᠳᠤ ᠤᠯᠤᠰ ᠤᠨ ᠤᠯᠠᠮᠵᠢᠯᠠᠯᠲᠤ | ᠲᠣᠰᠬᠤᠨ︾ ᠢᠶᠠᠷ ᠦᠨᠡᠯᠡᠭᠳᠡᠪᠡ᠃ | |