ᠠᠷᠤᠨ ᠬᠤᠰᠢᠭᠤᠨ ᠤ 500 ᠺᠢᠯᠣᠸᠠᠲ ᠤᠨ ᠰᠢᠨ᠎ᠡ ᠡᠨᠧᠷᠭᠢ ᠶᠢᠨ ᠬᠤᠷᠠᠮᠠᠯ ᠴᠠᠬᠢᠯᠭᠠᠨ ᠬᠦᠷᠭᠡᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠡᠬᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2024/12/18
    ᠲᠦᠷᠦᠭᠦᠬᠡᠨ᠂ ᠶᠡᠷᠦᠩᠬᠡᠶ ᠪᠠᠯᠠ ᠣᠷᠣᠭᠤᠯᠤᠯᠲᠠ ᠨᠢ 7 . 3 ᠳ᠋ᠦᠩᠰᠢᠭᠤᠷ ᠲᠥᠭᠦᠷᠢᠭ ᠤᠨ 500 ᠺᠢᠯᠣᠸᠠᠲ ᠤᠨ ᠰᠢᠨ᠎ᠡ ᠡᠨᠧᠷᠭᠢ ᠶᠢᠨ ᠬᠤᠷᠠᠮᠠᠯ ᠴᠠᠬᠢᠯᠭᠠᠨ ᠬᠦᠷᠭᠡᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠡᠬᠢᠯᠡᠨ ᠪᠠᠶᠢᠭᠤᠯᠪᠠ᠃ ᠲᠣᠰ ᠲᠥᠷᠥᠯ ᠵᠦᠢᠯ ᠪᠣᠯ ᠤᠯᠤᠰ ᠤᠨ ᠴᠠᠬᠢᠯᠭᠠᠨ ᠲᠤᠤᠷ ᠤᠨ ᠬᠥᠯᠥᠨ ᠪᠤᠶᠢᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ᠠᠩᠬᠠᠳᠠᠭᠴᠢ ᠪᠡᠶ᠎ᠡ ᠪᠠᠨ ᠳᠠᠭᠠᠭᠠᠵᠤ ᠪᠥᠲᠥᠭᠡᠨ ᠪᠠᠶᠢᠭᠤᠯᠤᠭᠰᠠᠨ ᠢᠨᠵᠧᠨᠧᠷᠢᠩ ᠪᠣᠯᠤᠨ᠎ᠠ᠂ ᠵᠢᠱᠢᠯᠲᠡ ᠪᠠᠷ 2025 ᠣᠨ ᠤ 11 ᠰᠠᠷ᠎ᠠ ᠳᠤ ᠵᠢᠩᠬᠢᠨᠢ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠂ ᠲᠡᠷᠡ ᠦᠶ᠎ᠡ ᠳᠤ ᠠᠷᠤᠨ ᠬᠤᠰᠢᠭᠤ ᠴᠢᠨᠠᠭᠰᠢᠯᠠᠪᠠᠯ ᠬᠥᠯᠥᠨ ᠪᠤᠶᠢᠷ ᠤᠨ ᠳᠠᠪᠠᠭᠠᠨ ᠤ ᠵᠡᠭᠦᠨᠳᠡᠬᠢ ᠭᠠᠵᠠᠷ ᠣᠷᠣᠨ ᠤ ᠪᠣᠬᠢᠷᠲᠤᠯ ᠥᠬᠡᠶ ᠠᠵᠤ ᠠᠬᠤᠶ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠣᠯᠤᠨ᠎ᠠ᠃
1.jpg
    ᠠᠷᠤᠨ ᠬᠤᠰᠢᠭᠤᠨ ᠤ 500 ᠺᠢᠯᠣᠸᠠᠲ ᠤᠨ ᠰᠢᠨ᠎ᠡ ᠡᠨᠧᠷᠭᠢ ᠶᠢᠨ ᠬᠤᠷᠠᠮᠠᠯ ᠴᠠᠬᠢᠯᠭᠠᠨ ᠬᠦᠷᠭᠡᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠯᠢᠦ ᠾᠧ ᠪᠠᠯᠭᠠᠰᠤᠨ ᠤ ᠳ᠋ᠦᠩ ᠱᠠᠨ ᠳᠦᠨ ᠲᠣᠰᠬᠤᠨ ᠳᠤ ᠪᠠᠶᠢᠷᠢᠯᠠᠵᠤ᠂ ᠲᠥᠷᠥᠯ ᠵᠦᠢᠯ ᠤᠨ ᠪ᠊ ᠪᠠᠢᠭᠤᠯᠤᠯᠲᠠ ᠶᠢᠨ ᠠᠬᠤᠶ ᠲᠠᠯᠠᠪᠠᠶ ᠳᠤ ᠣᠷᠣᠪᠠᠯ᠂ ᠪᠣᠯᠣᠳ ᠲᠡᠮᠦᠷ ᠰᠡᠬᠦ᠋ᠢᠨ ᠰᠦᠨᠳᠡᠷᠯᠡᠵᠦ᠂ ᠭᠤᠤᠯ ᠡᠵᠡᠮᠳᠡᠬᠦ ᠠᠰᠠᠷ ᠤᠨ ᠰᠠᠭᠤᠷᠢ ᠪᠠᠷᠢᠯᠭ᠎ᠠ ᠶᠢᠨ 35 % ᠶᠢ ᠨᠢᠭᠡᠨᠲᠡ ᠪᠡᠶᠡᠯᠡᠭᠦᠯᠵᠦ᠂ ᠴᠠᠬᠢᠯᠭᠠᠨ ᠬᠤᠪᠢᠰᠬᠠᠬᠤ ᠥᠷᠲᠡᠭᠡ ᠶᠢᠨ ᠠᠩᠬᠠᠨ ᠤ ᠳᠦᠷᠰᠦ ᠨᠢ ᠨᠢᠭᠡᠨᠲᠡ ᠢᠯᠡᠷᠡᠵᠡᠶ᠃ ᠡᠪᠦᠯ ᠤᠨ ᠬᠠᠬᠢᠷ ᠬᠦᠢᠲᠡᠨ ᠠᠴᠠ ᠪᠣᠯᠵᠤ᠂ ᠣᠳᠣᠬᠠᠨ ᠳᠤ ᠪᠠᠷᠢᠯᠭ᠎ᠠ ᠶᠢᠨ ᠠᠵᠢᠯ ᠲᠦᠷ ᠵᠣᠭᠰᠣᠵᠤ᠂ ᠠᠵᠢᠯᠴᠢᠳ ᠬᠤᠶᠢᠰᠢᠳᠠ ᠶᠢᠨ ᠠᠵᠢᠯ ᠢᠶᠠᠨ ᠰᠡᠷᠭᠦᠭᠡᠬᠦ ᠳᠤ ᠭᠦᠢᠴᠡᠳ ᠪᠡᠯᠡᠳᠬᠡᠯ ᠬᠢᠵᠦ ᠪᠠᠶᠢᠨ᠎ᠠ᠃ ᠲᠤᠬᠠᠶ ᠶᠢᠨ ᠲᠠᠯᠠᠪᠠᠶ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠵᠢᠱᠢᠯᠲᠡ ᠪᠠᠷ 2025 ᠣᠨ ᠤ 3 ᠰᠠᠷ᠎ᠠ ᠳᠤ᠂ ᠲᠥᠷᠥᠯ ᠵᠦᠢᠯ ᠨᠢ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠵᠦ᠂ ᠪᠠᠷᠢᠯᠭ᠎ᠠ ᠶᠢᠨ ᠠᠵᠢᠯ ᠤᠨ ᠣᠷᠭᠢᠯ ᠤᠨ ᠬᠤᠭᠤᠴᠠᠭ᠎ᠠ ᠬᠦᠷᠴᠦ ᠢᠷᠡᠬᠦ ᠪᠣᠯᠤᠨ᠎ᠠ᠂ ᠵᠢᠱᠢᠯᠲᠡ ᠪᠠᠷ ᠣᠷᠣᠭᠤᠯᠤᠯᠲᠠ ᠶᠢᠨ ᠠᠵᠢᠯᠴᠢᠨ 400 ᠭᠠᠷᠤᠶ ᠬᠥᠮᠦᠨ ᠪᠣᠯᠵᠣ᠂ ᠡᠯ᠎ᠡ ᠲᠥᠷᠥᠯ ᠤᠨ ᠮᠠᠰᠢᠨ ᠲᠥᠬᠦᠭᠡᠷᠦᠮᠵᠢ ᠶᠢ ᠴᠦ ᠬᠤᠷᠢ ᠭᠤᠴᠢ ᠪᠣᠯᠭᠠᠨ ᠨᠡᠮᠡᠭᠳᠡᠭᠦᠯᠵᠦ᠂ ᠪᠠᠷᠢᠯᠭ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
2.jpg
    ᠠᠷᠤᠨ ᠬᠤᠰᠢᠭᠤᠨ ᠤ 500 ᠺᠢᠯᠣᠸᠠᠲ ᠤᠨ ᠰᠢᠨ᠎ᠡ ᠡᠨᠧᠷᠭᠢ ᠶᠢᠨ ᠬᠤᠷᠠᠮᠠᠯ ᠴᠠᠬᠢᠯᠭᠠᠨ ᠬᠦᠷᠭᠡᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠤᠰ ᠤᠨ ᠴᠠᠬᠢᠯᠭᠠᠨ ᠲᠤᠤᠷ ᠤᠨ ᠬᠥᠯᠥᠨ ᠪᠤᠶᠢᠷ ᠤᠨ ᠴᠠᠬᠢᠯᠭᠠᠨ ᠬᠠᠩᠭᠠᠬᠤ ᠺᠣᠮᠫᠠᠨᠢ ︽ᠨᠠᠷᠢᠨ︾ ᠪᠠᠶᠢᠷᠢᠯᠠᠭᠤᠯᠤᠯᠲᠠ ᠳᠤ ᠰᠠᠭᠤᠷᠢᠯᠠᠨ᠂ ︽ᠴᠢᠩᠭ᠎ᠠ︾ ᠨᠠᠶᠢᠳᠠᠪᠤᠷᠢᠵᠢᠭᠤᠯᠬᠤ ᠶᠢ ᠪᠣᠳᠣᠯᠬᠢᠯᠠᠵᠤ᠂ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠪᠠ᠃ ᠲᠤᠬᠠᠶ ᠶᠢᠨ ᠲᠠᠯᠠᠪᠠᠶ ᠶᠢᠨ ᠡᠯ᠎ᠡ ᠱᠠᠲᠤᠨ ᠤ ᠬᠠᠮᠢᠶᠠᠷᠤᠯᠲᠠ ᠶᠢᠨ ᠠᠵᠢᠯᠲᠠᠨ ᠮᠥᠷᠳᠡᠨ ᠬᠢᠨᠠᠵᠤ ᠪᠠᠶᠢᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠲᠤᠰᠬᠠᠶ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ᠂ ᠵᠠᠩᠭᠢᠯᠠᠭ᠎ᠠ ᠶᠢᠨ ᠣᠷᠣᠨ ᠪᠠᠶᠢᠷᠢ᠂ ᠵᠠᠩᠭᠢᠯᠠᠭ᠎ᠠ ᠶᠢᠨ ᠤᠷᠠᠨ ᠳᠠᠷᠬ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠪᠠ ᠠᠮᠤᠷ ᠲᠦᠪᠰᠢᠨ ᠢ ᠦᠨᠡᠨᠬᠦ ᠪᠠᠲᠤᠯᠠᠵᠤ᠂ ᠥᠨᠳᠥᠷ ᠦᠷ᠎ᠡ ᠪᠦᠲᠦᠮᠵᠢᠲᠡᠶ ᠴᠢᠨᠠᠷ ᠰᠠᠶᠢᠲᠠᠶ ᠪᠠᠷ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠵᠤ ᠴᠠᠬᠢᠯᠭᠠᠨ ᠬᠦᠷᠭᠡᠬᠦ ᠳᠤ ᠪᠠᠲᠤᠯᠠᠭ᠎ᠠ ᠬᠠᠩᠭᠠᠨ᠎ᠠ᠃
3.jpg
    ᠣᠶᠢᠯᠠᠭᠠᠭᠰᠠᠨ ᠢᠶᠠᠷ᠂ ᠠᠷᠤᠨ ᠬᠤᠰᠢᠭᠤᠨ ᠤ 500 ᠺᠢᠯᠣᠸᠠᠲ ᠤᠨ ᠰᠢᠨ᠎ᠡ ᠡᠨᠧᠷᠭᠢ ᠶᠢᠨ ᠬᠤᠷᠠᠮᠠᠯ ᠴᠠᠬᠢᠯᠭᠠᠨ ᠬᠦᠷᠭᠡᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ 7 . 3 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠳᠤ 500 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠪᠠ 97 ᠺᠢᠯᠣᠮᠧᠲᠷ ᠤᠨ 500 ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠢ ᠰᠢᠨ᠎ᠡ ᠪᠠᠷ ᠪᠠᠶᠢᠭᠤᠯᠬᠤ ᠪᠠᠷ ᠪᠠᠶᠢᠨ᠎ᠠ᠃ ᠲᠣᠰ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠥᠯᠥᠨ ᠪᠤᠶᠢᠷ ᠤᠨ ᠳᠠᠪᠠᠭᠠᠨ ᠤ ᠵᠡᠭᠦᠨᠳᠡᠬᠢ ᠭᠠᠵᠠᠷ ᠣᠷᠣᠨ ᠤ ᠰᠢᠨ᠎ᠡ ᠡᠨᠧᠷᠭᠢ ᠶᠢ ᠵᠠᠯᠭᠠᠨ ᠣᠷᠣᠭᠤᠯᠬᠤ ᠳᠤ ᠰᠢᠨ᠎ᠡ ᠲᠤᠰᠤᠯᠲᠠ ᠶᠢᠨ ᠴᠡᠭ ᠬᠠᠩᠭᠠᠬᠤ ᠶᠢᠨ ᠬᠠᠮᠲᠤ ᠲᠤᠬᠠᠶ ᠶᠢᠨ ᠭᠠᠵᠠᠷ ᠤᠨ ᠪᠣᠬᠢᠷᠲᠤᠯ ᠥᠬᠡᠶ ᠠᠵᠤ ᠠᠬᠤᠶ ᠶᠢᠨ ᠬᠥᠭᠵᠢᠯᠲᠡ ᠶᠢ ᠬᠦᠴᠦᠲᠡᠶ ᠠᠬᠢᠭᠤᠯᠵᠤ᠂ ᠡᠨᠧᠷᠭᠢ ᠶᠢᠨ ᠪᠦᠲᠦᠴᠡ ᠶᠢ ᠨᠠᠩ ᠰᠢᠯᠢᠳᠡᠭᠵᠢᠭᠦᠯᠬᠦ ᠶᠢᠨ ᠬᠠᠮᠲᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠨᠠᠶᠢᠳᠠᠪᠤᠷᠢᠲᠠᠶ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ ᠪᠣᠯᠤᠨ᠎ᠠ᠃
4.jpg
 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ