ᠣᠷᠴᠣᠨ ᠤ ᠦᠪᠡᠷᠲᠡᠭᠡᠨ ᠵᠠᠰᠠᠬᠤ ᠬᠤᠰᠢᠭᠤ ᠶᠢᠨ ᠪᠠᠶᠢᠭᠠᠯᠢ ᠶᠢᠨ ᠭᠠᠵᠠᠷ ᠵᠦᠢ
ᠨᠡᠶᠢᠲᠡᠯᠡᠭᠰᠡᠨ ᠴᠠᠭ᠄
2024/12/18
    ᠭᠠᠵᠠᠷ ᠵᠦᠢ ᠶᠢᠨ ᠤᠷᠴᠢᠨ ᠲᠤᠭᠤᠷᠢᠨ    ᠪᠠᠶᠢᠷᠢᠰᠢᠯ ᠤᠨ ᠣᠷᠣᠨ    ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠣᠯ ᠬᠥᠯᠥᠨ ᠪᠤᠶᠢᠷ ᠬᠤᠲᠠ ᠶᠢᠨ ᠵᠡᠭᠦᠨ ᠬᠤᠶᠢᠲᠤ ᠪᠡᠶ᠎ᠡ᠂ ᠨᠤᠨ ᠮᠥᠷᠡᠨ ᠤ ᠪᠠᠷᠠᠭᠤᠨ ᠡᠷᠭᠢ᠂ ᠤᠮᠠᠷᠠᠲᠤ ᠥᠷᠭᠡᠷᠢᠭ ᠤᠨ 48°50'-51°25'᠂ ᠵᠡᠭᠦᠨ ᠤᠷᠲᠤᠷᠢᠭ ᠤᠨ 121°55'-126°10' ᠤᠨ ᠬᠤᠭᠤᠷᠣᠨᠳᠤ ᠪᠠᠶᠢᠷᠢᠯᠠᠳᠠᠭ᠃ ᠵᠡᠭᠦᠨ ᠲᠠᠯ᠎ᠠ ᠪᠠᠷ ᠢᠶᠠᠨ ᠬᠠᠷᠮᠦ᠋ᠢᠷᠡᠨ ᠮᠤᠵᠢ ᠶᠢᠨ ᠨᠤᠨ ᠮᠥᠷᠡᠨ ᠰᠢᠶᠠᠨ ᠢᠶᠠᠷ ᠵᠠᠭᠠᠭᠯᠠᠵᠤ᠂ ᠪᠠᠷᠠᠭᠤᠨ ᠲᠠᠯ᠎ᠠ ᠪᠠᠷ ᠨᠢ ᠭᠡᠭᠡᠨ ᠭᠤᠣᠯ ᠬᠤᠳᠠ᠂ ᠶᠠᠭᠰᠢ ᠬᠤᠳᠠ ᠲᠠᠢ ᠬᠥᠷᠰᠢᠯᠡᠵᠦ᠂ ᠡᠮᠦᠨ᠎ᠡ ᠲᠠᠯ᠎ᠠ ᠨᠢ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ ᠲᠠᠢ ᠵᠠᠬ᠎ᠠ ᠨᠡᠶᠢᠯᠡᠵᠦ᠂ ᠬᠤᠶᠢᠰᠢ ᠪᠠᠨ ᠬᠠᠷᠠᠮᠥ᠋ᠷᠡᠨ ᠮᠤᠵᠢ ᠶᠢᠨ ᠬᠤᠮᠠ ᠰᠢᠶᠠᠨ ᠲᠠᠢ ᠬᠢᠯᠢ ᠨᠡᠶᠢᠯᠡᠨ᠎ᠡ᠃ ᠡᠮᠦᠨᠡᠰᠢ ᠤᠮᠠᠷᠠᠰᠢ ᠬᠠᠮᠤᠭ ᠤᠷᠲᠤ ᠨᠢ 261 ᠺᠢᠯᠣᠮᠧᠳ᠋ᠷ ᠪᠠᠶᠢᠳᠠᠭ᠂ ᠵᠡᠭᠦᠨᠰᠢ ᠪᠠᠷᠠᠭᠤᠨᠰᠢ ᠬᠠᠮᠤᠭ ᠥᠷᠭᠡᠨ ᠨᠢ 280 ᠺᠢᠯᠣᠮᠧᠳ᠋ᠷ ᠪᠠᠶᠢᠳᠠᠭ᠂ ᠬᠢᠯᠢ ᠶᠢᠨ ᠱᠤᠭᠤᠮ ᠤᠨ ᠶᠡᠷᠦᠩᠬᠡᠢ ᠣᠷᠳᠣ ᠨᠢ 1 294 ᠺᠢᠯᠣᠮᠧᠳ᠋ᠷ ᠪᠠᠶᠢᠵᠤ᠂ ᠶᠡᠷᠦᠩᠬᠡᠢ ᠲᠠᠯᠠᠪᠠᠢ ᠨᠢ 59880 ᠲᠡᠭᠰᠢ ᠳᠥᠷᠪᠡᠯᠵᠢᠨ ᠺᠢᠯᠣᠮᠧᠳ᠋ᠷ ᠪᠠᠶᠢᠨ᠎ᠠ᠃    ᠭᠠᠵᠠᠷ ᠤᠨ ᠭᠠᠳᠠᠷᠭᠤ ᠶᠢᠨ ᠲᠦᠷᠬᠦ    ᠣᠷᠴᠣᠨ ᠤ ᠥᠪᠡᠷᠲᠡᠭᠡᠨ ᠵᠠᠰᠠᠬᠤ ᠬᠤᠱᠢᠭᠤᠨ ᠤ ᠭᠠᠵᠠᠷ ᠤᠨ ᠪᠠᠶᠢᠴᠠ ᠬᠤᠶᠢᠲᠤ ᠲᠠᠯ᠎ᠠ ᠳᠤ ᠪᠠᠨ ᠥᠨᠳᠥᠷ ᠡᠮᠦᠨ᠎ᠡ ᠲᠠᠯ᠎ᠠ ᠳᠤ ᠪᠠᠨ ᠳᠣᠣᠷ᠎ᠠ᠂ ᠪᠠᠷᠠᠭᠤᠨ ᠬᠤᠢᠲᠤ ᠣᠷᠣᠨ ᠠᠴᠠ ᠵᠡᠭᠦᠨ ᠡᠮᠦᠨᠡᠱᠢ ᠠᠭᠠᠵᠢᠮ ᠢᠶᠠᠷ ᠬᠡᠯᠪᠠᠶᠢᠵᠦ᠂ ᠳᠠᠯᠠᠢ ᠶᠢᠨ ᠲᠦᠪᠱᠢᠨ ᠠᠴᠠ ᠬᠠᠮᠤᠭ ᠥᠨᠳᠥᠷ ᠨᠢ ᠪᠠᠢ ᠱᠠᠨ ᠠᠭᠤᠯᠠ᠂ 1528 ᠮᠧᠳ᠋ᠷ ᠥᠨᠳᠥᠷ ᠪᠠᠶᠢᠵᠤ᠂ ᠳᠠᠯᠠᠢ ᠶᠢᠨ ᠲᠦᠪᠱᠢᠨ ᠠᠴᠠ ᠬᠠᠮᠤᠭ ᠳᠣᠣᠷ᠎ᠠ ᠳ᠋ᠥᠸᠧ ᠪᠦ᠋ ᠺᠦ᠋ ᠡᠯ ᠭᠤᠣᠯ ᠪᠠ ᠨᠤᠨ ᠮᠦᠷᠡᠨ ᠤ ᠠᠭᠤᠯᠵᠠᠷ ᠭᠠᠵᠠᠷ ᠤᠨ 265 ᠮᠧᠳ᠋ᠷ ᠲᠤ ᠪᠠᠢᠵᠤ᠂ ᠳᠤᠮᠳᠠ ᠬᠡᠰᠡᠭ ᠨᠢ ᠳᠠᠯᠠᠢ ᠶᠢᠨ ᠲᠦᠪᠱᠢᠨ ᠠᠴᠠ 500~ 1000 ᠮᠧᠳ᠋ᠷ ᠶᠢᠨ ᠬᠤᠭᠤᠷᠤᠨᠳᠤ ᠪᠣᠢ᠃    ᠠᠭᠤᠷ ᠠᠮᠢᠰᠬᠤᠯ    ᠣᠷᠴᠣᠨ ᠤ ᠥᠪᠡᠷᠲᠡᠭᠡᠨ ᠵᠠᠰᠠᠬᠤ ᠬᠤᠱᠢᠭᠤ ᠪᠣᠯ ᠬᠦᠢᠲᠡᠨ ᠰᠡᠷᠢᠭᠦᠨ ᠪᠦᠰᠡ ᠶᠢᠨ ᠬᠠᠭᠠᠰ ᠴᠢᠭᠢᠭᠯᠢᠭ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠭᠤᠯ ᠳᠤ ᠬᠠᠷᠢᠶᠠᠯᠠᠭᠳᠠᠨ᠎ᠠ᠃ ᠠᠭᠤᠷ ᠠᠮᠢᠰᠬᠤᠯ ᠤᠨ ᠣᠨᠴᠠᠯᠢᠭ᠄ ᠳᠥᠷᠪᠡᠨ ᠤᠯᠠᠷᠢᠯ ᠤᠨ ᠬᠤᠪᠢᠷᠠᠯᠲᠠ ᠢᠯᠡᠷᠬᠡᠶ᠂ ᠬᠠᠪᠤᠷ ᠤᠨ ᠤᠯᠠᠷᠢᠯ ᠳᠤ ᠭᠠᠩ ᠬᠠᠭᠤᠷᠠᠶ᠂ ᠶᠡᠭᠡ ᠰᠠᠯᠬᠢ ᠲᠠᠢ ᠡᠳᠦᠷ ᠣᠯᠠᠨ᠂ ᠬᠡᠷᠡᠯ ᠤᠨ ᠲᠤᠰᠤᠯᠲᠠ ᠭᠦᠢᠴᠡᠳ︔ ᠵᠣᠨ ᠤ ᠴᠠᠭ ᠣᠬᠤᠷ᠂ ᠳᠤᠯᠠᠭᠠᠨ ᠤ ᠬᠡᠮᠵᠢᠶ᠎ᠡ ᠰᠡᠷᠢᠭᠦᠨ ᠪᠠᠶᠢᠵᠤ᠂ ᠬᠤᠷ᠎ᠠ ᠲᠣᠨᠣᠳᠠᠰᠤ ᠶᠢᠨ ᠬᠡᠮᠵᠢᠶ᠎ᠡ ᠲᠥᠪᠯᠡᠷᠡᠵᠦ ᠪᠠᠶᠢᠨ᠎ᠠ︔ ᠨᠠᠮᠤᠷ ᠤᠨ ᠤᠯᠠᠷᠢᠯ ᠤᠨ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠢᠷᠠᠭᠤ ᠤᠨᠠᠵᠤ ᠬᠦᠯᠳᠡᠬᠦ ᠬᠤᠭᠤᠴᠠᠭ᠎ᠠ ᠡᠷᠲᠡ︔ ᠡᠪᠦᠯ ᠤᠨ ᠤᠯᠠᠷᠢᠯ ᠤᠷᠲᠤ ᠮᠥᠷᠲᠡᠭᠡᠨ ᠬᠠᠬᠢᠷ ᠬᠦᠢᠲᠡᠨ᠃    ᠤᠰᠤᠨ ᠤ ᠡᠬᠢ ᠪᠠᠶᠠᠯᠢᠭ    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠤᠰᠤᠨ ᠤ ᠡᠬᠢ ᠪᠠᠶᠠᠯᠢᠭ ᠲᠤ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠪᠠᠭᠲᠠᠨ᠎ᠠ᠂ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠲᠤ ᠭᠤᠤᠯᠳᠠᠭᠤ ᠭᠤᠤᠯ ᠮᠥᠷᠡᠨ ᠪᠣᠯᠤᠨ ᠨᠠᠭᠤᠷ ᠬᠤᠶᠠᠷ ᠬᠡᠰᠡᠭ ᠪᠤᠶ᠃ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 113.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠬᠥᠯᠥᠨ ᠪᠤᠶᠢᠷ ᠬᠤᠲᠠ ᠶᠢᠨ 38% ᠶᠢ ᠡᠵᠡᠯᠡᠵᠦ᠂ ᠤᠰᠤᠨ ᠤ ᠬᠡᠮᠵᠢᠶ᠎ᠡ ᠶᠢᠨ ᠣᠷᠣᠨ ᠪᠦᠰᠡ ᠶᠢᠨ ᠲᠠᠷᠬᠠᠯᠲᠠ ᠴᠦ ᠨᠡᠯᠢᠶᠡᠳ ᠲᠡᠩᠴᠡᠭᠦᠷᠢᠲᠡᠶ ᠪᠠᠶᠢᠨ᠎ᠠ︔ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠡᠯᠪᠡᠭ᠂ ᠪᠤᠯᠠᠭᠳᠠᠴᠠ ᠭᠦᠢᠬᠡᠨ᠂ ᠠᠮᠠᠷᠬᠠᠨ ᠬᠤᠳᠳᠤᠭ ᠪᠤᠯᠳᠠᠭ᠃ ᠭᠠᠵᠠᠷ ᠳᠣᠤᠷᠠᠬᠢ ᠤᠰᠤᠨ ᠤ ᠶᠡᠷᠦᠩᠬᠡᠶ ᠬᠠᠩᠭᠠᠯᠭ᠎ᠠ ᠶᠢᠨ ᠬᠡᠮᠵᠢᠶ᠎ᠡ ᠪᠠᠷᠤᠭ 20.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠳᠠᠪᠬᠤᠷᠳᠠᠭᠤᠯᠤᠨ ᠪᠣᠳᠣᠭᠰᠠᠨ ᠬᠡᠮᠵᠢᠶ᠎ᠡ 20.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠭᠠᠵᠠᠷ ᠳᠣᠤᠷᠠᠬᠢ ᠤᠰᠤᠨ ᠤ ᠬᠠᠳᠠᠭᠠᠯᠠᠭᠳᠠᠴᠠ ᠪᠠᠷᠤᠭ 0.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ︵ᠠᠭᠤᠷᠬᠠᠶ ᠨᠢ ᠠᠭᠤᠷᠬᠠᠶᠢᠵᠢᠯ ᠤᠨ ᠬᠡᠮᠵᠢᠶ᠎ᠡ ᠨᠢ ᠯᠢᠳ᠋ᠷ ᠪᠦᠷᠢ 2 ᠭᠷᠠᠮ ᠭᠦᠢᠬᠡᠨ ᠳᠠᠪᠬᠤᠷᠳᠠᠭᠰᠠᠨ ᠤᠰᠤᠨ ᠠᠴᠠ ᠪᠠᠭ᠎ᠠ ᠪᠠᠶᠢᠪᠠ︶ ᠢ ᠬᠠᠰᠤᠨ᠎ᠠ᠃ ᠭᠠᠵᠠᠷ    ᠰᠢᠷᠤᠢ ᠶᠢᠨ ᠡᠬᠢ ᠪᠠᠶᠠᠯᠢᠭ    ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠭᠠᠵᠠᠷ ᠰᠢᠷᠣᠶ ᠶᠢᠨ ᠲᠠᠯᠠᠪᠠᠶ 5468796 ᠾᠧᠺᠲ᠋ᠠᠷ ︵ᠲᠤᠰ ᠲᠤᠭ᠎ᠠ ᠪᠠᠷᠢᠮᠲᠠ ᠨᠢ 2007 ᠣᠨ ᠤ ᠪᠦᠬᠦ ᠤᠯᠤᠰ ᠤᠨ ᠬᠤᠶᠠᠳᠤᠭᠠᠷ ᠤᠳᠠᠭᠠᠨ ᠤ ᠭᠠᠵᠠᠷ ᠰᠢᠷᠣᠶ ᠶᠢᠨ ᠪᠠᠶᠢᠴᠠᠭᠠᠯᠲᠠ ᠶᠢᠨ ᠰᠠᠨᠰᠠᠷ ᠤᠨ ᠠᠯᠤᠰ ᠰᠡᠷᠡᠯ ᠤᠨ ᠵᠢᠷᠤᠭ ᠳᠦᠷᠰᠦ ᠤᠨ ᠦᠷ᠎ᠡ ᠪᠦᠲᠦᠭᠡᠯ ᠪᠣᠯᠤᠨ᠎ᠠ︶᠂ ᠡᠭᠦᠨ ᠳᠤ ᠣᠶ ᠮᠣᠳᠣᠨ ᠤ ᠭᠠᠵᠠᠷ ᠤᠨ ᠲᠠᠯᠠᠪᠠᠶ 2893688 ᠾᠧᠺᠲ᠋ᠠᠷ᠂ ᠲᠠᠷᠢᠶᠠᠨ ᠭᠠᠵᠠᠷ ᠤᠨ ᠲᠠᠯᠠᠪᠠᠶ 275953 ᠾᠧᠺᠲ᠋ᠠᠷ᠂ ᠪᠡᠯᠴᠢᠭᠡᠷ ᠤᠨ ᠲᠠᠯᠠᠪᠠᠶ 430999 ᠾᠧᠺᠲ᠋ᠠᠷ᠂ ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠲᠠᠯᠠᠪᠠᠶ 1837.901 ᠾᠧᠺᠲ᠋ᠠᠷ ᠪᠠᠭᠲᠠᠨ᠎ᠠ︔ ᠪᠤᠰᠤᠳ ᠠᠰᠢᠭᠯᠠᠬᠤ ᠭᠠᠵᠠᠷ ︵ᠠᠶᠢᠯ ᠲᠣᠰᠬᠤᠨ᠂ ᠬᠦᠷᠢᠶᠡᠯᠡᠩ ᠭᠠᠵᠠᠷ᠂ ᠵᠠᠮ᠂ ᠳᠠᠯᠠᠩ᠂ ᠠᠭᠤᠷᠬᠠᠶ ᠵᠡᠷᠭᠡ ᠪᠠᠭᠲᠠᠨ᠎ᠠ︶ 30255 ᠾᠧᠺᠲ᠋ᠠᠷ ᠪᠤᠶ᠃ ᠬᠠᠷᠠᠮᠦ᠋ᠷᠡᠨ ᠤ ᠶᠡᠭᠡ ᠬᠢᠩᠭᠠᠨ ᠳᠠᠪᠠᠭ᠎ᠠ ᠶᠢᠨ ᠨᠤᠲᠤᠭ ︵135858 ᠾᠧᠺᠲ᠋ᠠᠷ︶᠂ ᠰᠦᠩ ᠯᠢᠩ ᠲᠣᠭᠤᠷᠢᠭ ︵16775 ᠾᠧᠺᠲ᠋ᠠᠷ︶ 1815633 ᠾᠧᠺᠲ᠋ᠠᠷ ᠢ ᠡᠵᠡᠯᠡᠪᠡ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ