ᠣᠷᠴᠣᠨ ᠤ ᠦᠪᠡᠷᠲᠡᠭᠡᠨ ᠵᠠᠰᠠᠬᠤ ᠬᠤᠰᠢᠭᠤ ᠶᠢᠨ ᠲᠡᠦᠬᠡ ᠶᠢᠨ ᠤᠯᠠ ᠮᠦᠷ
ᠨᠡᠶᠢᠲᠡᠯᠡᠭᠰᠡᠨ ᠴᠠᠭ᠄
2024/12/18
    ︽ᠣᠷᠴᠣᠨ︾ ᠭᠡᠳᠡᠭ ᠨᠢ ︽ᠠᠭᠤᠯᠠ ᠳᠠᠪᠠᠭᠠᠨ ᠳᠤ ᠰᠠᠭᠤᠵᠤ ᠪᠠᠢᠭ᠎ᠠ ᠬᠥᠮᠦᠨ︾ ᠭᠡᠰᠡᠨ ᠤᠳᠭ᠎ᠠ᠃ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ᠂ ᠳᠠᠭᠤᠷ ᠦᠨᠳᠦᠰᠦᠲᠡᠨ ᠶᠡᠷᠦᠩᠬᠡᠢ ᠳᠤ ᠪᠠᠨ ᠰᠣᠯᠣᠨ ᠠᠶᠢᠮᠠᠭ ᠭᠡᠵᠦ ᠨᠡᠷᠡᠯᠡᠳᠡᠭ᠃ ᠴᠢᠩ ᠤᠨ ᠲᠥᠷᠥ ᠳᠤ ᠤᠷᠢᠳ ᠢᠶᠠᠷ ᠨᠢ ᠭᠠᠳᠠᠭᠠᠳᠤ ᠮᠣᠩᠭᠤᠯ ᠤᠨ ᠲᠥᠷᠥ ᠶᠢ ᠵᠠᠰᠠᠬᠤ ᠶᠠᠪᠤᠳᠠᠯ ᠤᠨ ᠶᠠᠮᠤᠨ ᠳᠤ ᠰᠢᠭᠤᠳ ᠬᠠᠷᠢᠶᠠᠯᠠᠭᠳᠠᠵᠤ᠂ ᠬᠤᠵᠢᠮ ᠨᠢ ᠬᠠᠷᠠᠮᠥ᠋ᠷᠡᠨ ᠤ ᠵᠠᠩᠵᠤᠨ ᠤ ᠪᠣᠳ᠋ᠬ᠎ᠠ ᠵᠠᠬᠢᠷᠭ᠎ᠠ ᠶᠢᠨ ᠶᠠᠮᠤᠨ ᠳᠤ ᠬᠠᠷᠢᠶᠠᠯᠠᠭᠳᠠᠵᠤ ᠪᠠᠶᠢᠪᠠ᠃ ᠬᠠᠨ ᠤᠯᠤᠰ ᠤᠨ ᠦᠶ᠎ᠡ ᠳᠤ ᠾᠸᠤᠩᠨᠤ ᠶᠢᠨ ᠵᠡᠬᠦᠨ ᠳᠠᠯ᠎ᠠ᠂ ᠬᠤᠶᠢᠳᠤ ᠬᠠᠨ ᠤᠯᠤᠰ ᠤᠨ ᠦᠶ᠎ᠡ ᠳᠤ ᠲᠦᠸᠧ ᠪᠠ ᠰᠢᠶᠠᠨᠪᠢ ᠶᠢᠨ ᠰᠠᠭᠤᠭ᠎ᠠ ᠭᠠᠵᠠᠷ ᠪᠠᠶᠢᠵᠠᠢ᠃ ᠴᠢᠩ ᠤᠯᠤᠰ ᠤᠨ ᠦᠶ᠎ᠡ ᠳᠤ ᠬᠠᠷᠠᠮᠦ᠋ᠷᠡᠨ ᠤ ᠵᠠᠩᠵᠤᠨ ᠪᠤᠳᠢ ᠶᠢᠨ ᠶᠡᠷᠦᠩᠬᠡᠢ ᠵᠠᠬᠢᠷᠣᠭᠴᠢ ︵ᠳᠡᠳ᠋ ᠠᠮᠪᠠᠨ ᠵᠠᠬᠢᠷᠣᠭᠴᠢ︶ ᠶᠢᠨ ᠡᠵᠡᠮᠰᠢᠯ ᠪᠦᠬᠦᠢ ᠠᠩᠨᠠᠯ ᠤᠨ ᠣᠷᠣᠨ ᠳᠤ ᠬᠠᠷᠢᠶᠠᠯᠠᠭᠳᠠᠨ᠂ ᠰᠣᠯᠣᠨ ᠠᠶᠢᠮᠠᠭ ︵ᠬᠤᠵᠢᠮ ᠨᠢ ᠪᠤᠳᠢ ᠶᠢᠨ ᠠᠶᠢᠮᠠᠭ ᠤᠨ ᠠᠪᠠ ᠬᠢᠬᠦ ᠭᠠᠵᠠᠷ ᠭᠡᠵᠦ ᠬᠠᠯᠠᠪᠠ︶ ᠪᠠᠶᠢᠵᠠᠢ᠃ ᠳᠤᠮᠳᠠᠳᠤ ᠢᠷᠭᠡᠨ ᠤᠯᠤᠰ ᠤᠨ ᠦᠶ᠎ᠡ ᠳᠤ ᠪᠦᠰᠢ ᠵᠠᠰᠠᠭ ᠪᠠᠶᠢᠭᠤᠯᠬᠤ ᠲᠣᠪᠴᠢᠶ᠎ᠠ ︵ᠲᠤᠰ ᠥᠷᠲᠡᠭᠡᠨ ᠤ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠪᠢᠰᠤᠯᠲᠠ ᠶᠢᠨ ᠲᠤᠬᠠᠢ ᠲᠠᠨᠢᠯᠴᠠᠭᠤᠯᠭ᠎ᠠ︶ ᠳᠤ ᠬᠠᠷᠢᠶᠠᠯᠠᠭᠳᠠᠵᠤ ᠪᠠᠶᠢᠵᠠᠢ᠃    1951 ᠣᠨ ᠤ 4 ᠰᠠᠷ᠎ᠠ ᠶᠢᠨ 7 ᠤ ᠡᠳᠦᠷ ᠲᠥᠪ ᠤᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠮᠣᠷᠢᠨᠳᠠᠪᠠᠭ᠎ᠠ ᠬᠤᠰᠢᠭᠤᠨ ᠤ ᠬᠠᠷᠢᠶᠠᠨ ᠳᠠᠬᠢ ᠭᠠᠨᠺᠦᠢ᠂ ᠨᠣᠮᠢᠨ᠂ ᠳ᠋ᠥᠸᠧ ᠪᠦ᠋ ᠺᠦ᠋ ᠡᠯ ᠪᠤᠯᠤᠨ ᠰᠢᠭᠤᠶᠢᠲᠤ ᠬᠤᠰᠢᠭᠤᠨ ᠤ ᠲᠦᠸᠧ ᠵᠠ ᠮᠢᠩ 4 ᠰᠣᠮᠣ ᠪᠠᠷ ᠣᠷᠴᠣᠨ ᠬᠤᠰᠢᠭᠤ ᠶᠢ ᠪᠠᠶᠢᠭᠤᠯᠵᠤ᠂ ᠰᠢᠶᠣᠣ ᠡᠯ ᠭᠧᠦ ︵ᠥᠨᠥ ᠶᠢᠨ ᠨᠣᠮᠢᠨ ᠪᠠᠯᠭᠠᠰᠤ︶ ᠳᠤ ᠰᠠᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠠᠶᠢᠮᠠᠭ ᠠᠴᠠ ᠤᠳᠤᠷᠢᠳᠪᠠ᠃ 1952 ᠤᠨ ᠤ 5 ᠰᠠᠷ᠎ᠠ ᠶᠢᠨ 31 ᠤ ᠡᠳᠤᠷ ᠲᠤᠲᠤᠭᠠᠳᠤ ᠶᠠᠪᠤᠳᠠᠯ ᠤᠨ ᠶᠠᠮᠤᠨ ᠤ ᠵᠦᠪᠰᠢᠶᠡᠷᠡᠯ ᠢᠶᠠᠷ ᠤᠷᠴᠤᠨ ᠬᠤᠰᠢᠭᠤ ᠶᠢ ᠣᠷᠴᠤᠨ ᠤ ᠦᠪᠡᠷᠳᠡᠭᠡᠨ ᠵᠠᠰᠠᠬᠤ ᠬᠤᠰᠢᠭᠤ ᠭᠡᠵᠦ ᠦᠭᠡᠷᠡᠴᠢᠯᠡᠪᠡ᠃ 1953 ᠣᠨ ᠤ 4 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠬᠢᠷᠭ᠎ᠠ ᠳᠤ ᠬᠠᠷᠢᠶᠠᠯᠠᠭᠳᠠᠪᠠ᠃ 1954 ᠣᠨ ᠤ 5 ᠰᠠᠷ᠎ᠠ ᠳᠤ ᠬᠥᠯᠥᠨ ᠪᠤᠶᠢᠷ ᠠᠶᠢᠮᠠᠭ ᠲᠤ ᠬᠠᠷᠢᠶᠠᠯᠠᠭᠤᠯᠪᠠ᠃ 1959 ᠣᠨ ᠤ 1 ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠬᠤᠰᠢᠭᠤᠨ ᠤ ᠰᠠᠭᠤᠭ᠎ᠠ ᠭᠠᠵᠠᠷ ᠨᠢ ᠠ ᠯᠢ ᠾᠧ ᠪᠠᠯᠭᠠᠰᠤᠨ ᠳᠤ ᠨᠡᠭᠦᠪᠡ᠃ 1969 ᠤᠨ ᠤ 7 ᠰᠠᠷ᠎ᠠ ᠳᠤ ᠬᠦᠯᠦᠨ ᠪᠤᠶᠢᠷ ᠠᠶᠢᠮᠠᠭ ᠲᠠᠢ ᠬᠠᠮᠳᠤ ᠬᠠᠷᠠᠮᠦ᠋ᠷᠡᠨ ᠮᠤᠵᠢ ᠳᠤ ᠬᠠᠷᠢᠶᠠᠯᠠᠭᠳᠠᠪᠠ᠃ 1970 ᠤᠨ ᠤ 4 ᠰᠠᠷ᠎ᠠ ᠳᠤ ᠬᠠᠷᠠᠮᠦ᠋ᠷᠡᠨ ᠮᠤᠵᠢ ᠶᠢᠨ ᠶᠡᠭᠡ ᠬᠢᠩᠭᠠᠨ ᠳᠠᠪᠠᠭ᠎ᠠ ᠶᠢᠨ ᠭᠠᠵᠠᠷ ᠤᠷᠤᠨ ᠳᠤ ᠬᠠᠷᠢᠶᠠᠯᠠᠭᠤᠯᠪᠠ᠃ 1979 ᠣᠨ ᠤ 7 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠵᠤ᠂ ᠬᠥᠯᠥᠨ ᠪᠤᠶᠢᠷ ᠠᠶᠢᠮᠠᠭ ᠲᠤ ᠬᠠᠷᠢᠶᠠᠯᠠᠭᠳᠠᠪᠠ᠃    1997 ᠤᠨ ᠳᠤ᠂ ᠤᠷᠴᠤᠨ ᠤ ᠦᠪᠡᠷᠳᠡᠭᠡᠨ ᠵᠠᠰᠠᠬᠤ ᠬᠤᠰᠢᠭᠤ ᠶᠢᠨ ᠲᠠᠯᠠᠪᠠᠢ ᠨᠢ 59 800 ᠲᠡᠭᠰᠢ ᠲᠦᠷᠪᠡᠯᠵᠢᠨ ᠺᠢᠯᠤᠮᠧᠳ᠋ᠷ᠂ ᠬᠦᠮᠦᠨ ᠠᠮᠠ 31. 3 ᠲᠦᠮᠡ᠂ ᠡᠬᠦᠨ ᠳᠤ ᠤᠷᠴᠤᠨ ᠦᠨᠳᠤᠰᠤᠳᠡᠨ 0.2 ᠲᠦᠮᠡ᠂ ᠡᠸᠡᠩᠬᠢ ᠦᠨᠳᠤᠰᠤᠳᠡᠨ 0.3 ᠲᠦᠮᠡ᠂ ᠳᠠᠭᠤᠷ ᠦᠨᠳᠤᠰᠤᠳᠡᠨ 0.7 ᠲᠦᠮᠡ᠂ ᠬᠠᠷᠢᠶᠠᠨ ᠳᠤ 9 ᠪᠠᠯᠭᠠᠰᠤ 3 ᠰᠢᠶᠠᠩ᠄ ᠠ ᠯᠢ ᠾᠧ ᠪᠠᠯᠭᠠᠰᠤ᠂ ᠳ᠋ᠠ ᠶᠠᠩ ᠱᠤ᠋ ᠪᠠᠯᠭᠠᠰᠤ᠂ ᠵᠢᠢ ᠸᠧᠨ ᠪᠠᠯᠭᠠᠰᠤ᠂ ᠭᠠᠨ ᠾᠧ ᠪᠠᠯᠭᠠᠰᠤ᠂ ᠺᠡ ᠢ ᠾᠧ ᠪᠠᠯᠭᠠᠰᠤ᠂ ᠺᠦᠯᠴᠢ ᠪᠠᠯᠭᠠᠰᠤ᠂ ᠦᠯᠦᠪᠲᠡᠶ᠎ᠡ ᠪᠠᠯᠭᠠᠰᠤ᠂ ᠢ ᠯᠢ ᠪᠠᠯᠭᠠᠰᠤ᠂ ᠨᠣᠮᠢᠨ ᠪᠠᠯᠭᠠᠰᠤ᠂᠂ ᠨᠠ ᠡᠯ ᠺᠧ ᠴᠢ ᠰᠢᠶᠠᠩ᠂ ᠭᠦ᠋ ᠯᠢ ᠰᠢᠶᠠᠩ᠂ ᠲᠦᠸᠧ ᠵᠠᠮᠢᠨ ᠰᠢᠶᠠᠩ ᠵᠡᠷᠭᠡ ᠪᠤᠢ᠃ ᠬᠤᠰᠢᠭᠤᠨ ᠤ ᠵᠠᠰᠠᠭ ᠤᠨ ᠣᠷᠳᠣᠨ ᠠᠯᠢ ᠾᠧ ᠪᠠᠯᠭᠠᠰᠤᠨ ᠳᠤ ᠪᠠᠶᠢᠨ᠎ᠠ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ