1966 ᠣᠨ ᠳᠤ ᠡᠷᠭᠦᠨ᠎ᠡ ᠵᠡᠭᠦᠨ ᠬᠤᠰᠢᠭᠤ ᠪᠠᠶᠢᠭᠤᠯᠤᠭᠳᠠᠭᠰᠠᠨ ᠤ ᠳᠠᠷᠠᠭ᠎ᠠ ᠭᠡᠭᠡᠨ ᠭᠤᠣᠯ ᠪᠠᠯᠭᠠᠰᠤ᠂ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ᠂ ᠶᠢᠨ | ᠾᠧ ᠪᠠᠯᠭᠠᠰᠤ᠂ ᠨᠢᠦ ᠡᠯ ᠾᠧ ᠪᠠᠯᠭᠠᠰᠤ ᠪᠠ ᠮᠠᠨᠬᠥ᠋ᠢ ᠶᠢᠨ ᠡᠸᠡᠩᠬᠢ ᠦᠨᠳᠦᠰᠦᠲᠡᠨ ᠤ ᠰᠢᠶᠠᠩ ᠢ ᠬᠠᠷᠢᠶᠠᠯᠠᠪᠠ᠃ | 1968 ᠣᠨ ᠳᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ ᠶᠢ ᠪᠠᠶᠢᠭᠤᠯᠵᠤ᠂ ᠮᠠᠨᠬᠥ᠋ᠢ ᠪᠠᠯᠭᠠᠰᠤ ᠪᠠ ᠮᠠᠨᠬᠥ᠋ᠢ ᠡᠸᠡᠩᠬᠢ ᠦᠨᠳᠦᠰᠦᠲᠡᠨ ᠤ ᠰᠢᠶᠠᠩ ᠶᠢ | ᠨᠢᠭᠡᠳᠬᠡᠪᠡ᠃ | 1973 ᠣᠨ ᠳᠤ᠂ ᠮᠠᠨᠬᠥ᠋ᠢ ᠪᠠᠯᠭᠠᠰᠤ ᠪᠣᠯᠤᠨ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠢ ᠰᠠᠯᠭᠠᠨ ᠪᠠᠶᠢᠭᠤᠯᠵᠤ᠂ ᠣᠯᠭᠤᠶᠠ ᠶᠢᠨ ᠡᠸᠡᠩᠬᠢ | ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠮᠠᠨᠬᠥ᠋ᠢ ᠪᠠᠯᠭᠠᠰᠤ ᠶᠢᠨ ᠬᠤᠶᠢᠲᠤ ᠬᠡᠰᠡᠭ ᠠᠴᠠ 17.5 ᠺᠢᠯᠣᠮᠧᠳ᠋ᠷ ᠵᠠᠶᠢᠲᠠᠶ ᠪᠠᠶᠢᠭ᠎ᠠ ᠣᠯᠭᠤᠶᠠ ᠰᠢᠶᠠᠩ ᠳᠤ | ᠨᠡᠭᠦᠵᠠᠢ᠃ | 1994 ᠣᠨ ᠤ 4 ᠰᠠᠷ᠎ᠠ ᠶᠢᠨ 28 ᠤ ᠡᠳᠦᠷ᠂ ᠭᠡᠭᠡᠨ ᠭᠤᠣᠯ ᠬᠤᠲᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠨᠢ ᠤᠤᠯ ᠤᠨ | ᠡᠷᠭᠦᠨ᠎ᠡ ᠵᠡᠭᠦᠨ ᠬᠤᠰᠢᠭᠤᠨ ᠳᠤ ᠬᠠᠷᠢᠶᠠᠯᠠᠭᠳᠠᠨ᠎ᠠ᠃ ᠭᠡᠭᠡᠨ ᠭᠤᠣᠯ ᠬᠤᠳᠠ ᠶᠢᠨ ᠳᠣᠣᠷ᠎ᠠ ᠨᠢ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ᠂ ᠶᠢᠨ ᠾᠧ ᠪᠠᠯᠭᠠᠰᠤ᠂ | ᠨᠢᠦ ᠡᠯ ᠾᠧ ᠪᠠᠯᠭᠠᠰᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠪᠣᠯᠤᠨ ᠲᠥᠪ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠾᠧ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠢ ᠰᠢᠭᠤᠶ ᠶᠢᠨ ᠠᠵᠤ ᠦᠢᠯᠡᠳᠪᠦᠷᠢ ᠶᠢᠨ ᠵᠠᠮ ᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠪᠠᠶᠢᠭᠤᠯᠪᠠ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 112 ᠰᠠᠭᠤᠭᠠᠯᠢ | ᠠᠷᠠᠳ ᠤᠨ ᠵᠥᠪᠯᠡᠯ᠂ 811 ᠰᠠᠭᠤᠭᠠᠯᠢ ᠠᠷᠠᠳ ᠤᠨ ᠳᠤᠭᠤᠶᠢᠯᠠᠩ ᠪᠠᠶᠢᠳᠠᠭ᠃ | 2001 ᠣᠨ ᠤ 6 ᠰᠠᠷ᠎ᠠ ᠶᠢᠨ 6 ᠤ ᠡᠳᠦᠷ᠂ ᠭᠡᠭᠡᠨ ᠭᠤᠣᠯ ᠬᠤᠲᠠ ᠶᠢᠨ ᠨᠢᠦ ᠡᠯ ᠾᠧ ᠪᠠᠯᠭᠠᠰᠤ ᠶᠢ ᠬᠠᠰᠤᠵᠤ᠂ ᠨᠢᠦ ᠡᠯ ᠾᠧ ᠪᠠᠯᠭᠠᠰᠤᠨ ᠤ ᠡᠭᠦᠷᠭᠡ | ᠴᠢᠳᠠᠪᠤᠷᠢ ᠶᠢ ᠪᠦᠬᠦᠨ ᠢᠶᠠᠷ ᠨᠢ ᠶᠢᠨ ᠾᠧ ᠪᠠᠯᠭᠠᠰᠤ ᠲᠠᠢ ᠨᠡᠶᠢᠯᠡᠭᠦᠯᠵᠦ᠂ ᠬᠤᠶᠠᠷ ᠪᠠᠯᠭᠠᠰᠤ ᠶᠢ ᠨᠡᠶᠢᠯᠡᠭᠦᠯᠦᠭᠰᠡᠨ ᠤ ᠳᠠᠷᠠᠭ᠎ᠠ ᠶᠢᠨ ᠾᠧ ᠪᠠᠯᠭᠠᠰᠤᠨ ᠤ ᠲᠠᠯᠠᠪᠠᠶ | 5353 ᠺᠦᠸᠠᠳ᠋ ᠺᠢᠯᠣᠮᠧᠳ᠋ᠷ ᠪᠤᠯᠵᠠᠢ᠃ ᠭᠡᠭᠡᠨ ᠭᠤᠣᠯ ᠬᠤᠳᠠ ᠶᠢᠨ ᠳᠣᠣᠷ᠎ᠠ 5 ᠪᠠᠯᠭᠠᠰᠤ 1 ᠰᠢᠶᠠᠩ ᠤᠨ 3 ᠬᠡᠷᠡᠭ ᠡᠷᠬᠢᠯᠡᠬᠦ ᠭᠠᠵᠠᠷ ᠢ ᠪᠠᠶᠢᠭᠤᠯᠪᠠ᠃ | 2003 ᠣᠨ ᠤ 2 ᠰᠠᠷ᠎ᠠ ᠶᠢᠨ 8 ᠤ ᠡᠳᠦᠷ᠂ ᠭᠡᠭᠡᠨ ᠭᠤᠣᠯ ᠬᠤᠳᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ | ᠬᠤᠪᠢᠶᠠᠷᠢᠯᠠᠯ ᠤᠨ ᠲᠠᠯᠠᠪᠠᠢ ᠵᠢᠴᠢ ᠨᠡᠷᠡᠶᠢᠳᠦᠯ ᠢ ᠦᠭᠡᠷᠡᠴᠢᠯᠡᠪᠡ᠃ ᠾᠧ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠤ ᠲᠠᠯᠠᠪᠠᠢ ᠶᠢ | ᠤᠤᠯ ᠤᠨ 3.2 ᠺᠦᠸᠡᠲ ᠺᠢᠯᠣᠮᠧᠳ᠋ᠷ ᠪᠠᠶᠢᠭᠰᠠᠨ ᠠᠴᠠ 24 ᠺᠦᠸᠡᠲ ᠺᠢᠯᠣᠮᠧᠳ᠋ᠷ ᠪᠣᠯᠭᠠᠨ ᠲᠣᠬᠢᠷᠠᠭᠤᠯᠪᠠ︔ ᠤᠤᠯ ᠤᠨ ᠲᠥᠪ ᠵᠠᠮ ᠤᠨ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠨᠡᠷ᠎ᠡ ᠶᠢ ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠡᠮᠡᠨ ᠬᠠᠯᠠᠵᠤ᠂ ᠬᠠᠷᠢᠶ᠎ᠠ ᠣᠷᠣᠨ ᠤ ᠲᠠᠯᠠᠪᠠᠢ ᠨᠢ 1.98 | ᠺᠦᠸᠠᠳ᠋ ᠺᠢᠯᠣᠮᠧᠳ᠋ᠷ ᠪᠠᠶᠢᠭᠰᠠᠨ ᠠᠴᠠ 2.0 ᠺᠦᠸᠠᠳ᠋ ᠺᠢᠯᠣᠮᠧᠳ᠋ᠷ ᠪᠣᠯᠭᠠᠨ ᠳᠤᠬᠢᠷᠠᠭᠤᠯᠪᠠ︔ ᠤᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠵᠠᠮ ᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠷ᠎ᠡ ᠶᠢ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠡᠮᠡᠨ | ᠬᠠᠯᠠᠵᠤ᠂ ᠬᠠᠷᠢᠶ᠎ᠠ ᠣᠷᠣᠨ ᠤ ᠲᠠᠯᠠᠪᠠᠢ ᠶᠢ 5.0 ᠺᠦᠸᠠᠳ᠋ ᠺᠢᠯᠣᠮᠧᠳ᠋ᠷ ᠪᠠᠶᠢᠭᠰᠠᠨ ᠠᠴᠠ 5.8 ᠺᠦᠸᠠᠳ᠋ ᠺᠢᠯᠣᠮᠧᠳ᠋ᠷ ᠪᠣᠯᠭᠠᠨ ᠳᠤᠬᠢᠷᠠᠭᠤᠯᠪᠠ᠃ | 2003 ᠣᠨ ᠤ 12 ᠰᠠᠷ᠎ᠠ ᠶᠢᠨ 29 ᠤ ᠡᠳᠦᠷ᠂ ᠬᠡᠭᠡᠨ ᠭᠤᠤᠯ ᠬᠤᠲᠠ ᠶᠢᠨ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠤᠨ ᠠᠮᠢ ᠠᠬᠤᠶ ᠶᠢᠨ | ᠠᠷᠠᠳ ᠢ ᠨᠡᠭᠦᠯᠭᠡᠬᠦ ᠢᠨᠵᠧᠨᠧᠷᠢᠩ ᠢ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︵ᠥᠪᠥᠷ ᠠᠷᠠᠳ ᠤᠨ ᠶᠠᠪᠤᠳᠠᠯ ᠤᠨ | ᠴᠣᠬᠤᠯᠠᠪᠤᠷᠢ ﹇2003﹈ 65 ᠳ᠋ᠤᠭᠠᠷ ᠲᠣᠭᠠᠲᠤ﹈ ᠪᠢᠴᠢᠭ ᠮᠠᠲ᠋ᠧᠷᠢᠶᠠᠯ ᠤᠨ ᠴᠣᠬᠤᠯᠠᠪᠤᠷᠢ ᠶᠢ ᠦᠨᠳᠦᠰᠦᠯᠡᠨ᠂ ᠣᠯᠭᠤᠶᠠ ᠶᠢᠨ ᠡᠸᠡᠩᠬᠢ ᠦᠨᠳᠦᠰᠦᠲᠡᠨ ᠤ | ᠰᠢᠶᠠᠩ ᠢ ᠪᠦᠬᠦᠯᠢ ᠴᠣᠭᠴᠠ ᠪᠠᠷ ᠨᠢ ᠡᠮᠦᠨᠡᠰᠢ ᠭᠤᠷᠪᠠᠳᠤᠭᠠᠷ ᠦᠢᠯᠡᠳᠪᠦᠷᠢ ᠶᠢᠨ ᠲᠠᠰᠤᠭ ︵ᠬᠡᠭᠡᠨ ᠭᠤᠤᠯ ᠬᠤᠲᠠ ᠶᠢᠨ ᠲᠣᠭᠤᠷᠢᠭ ᠠᠴᠠ 3 ᠺᠢᠯᠣᠮᠧᠳ᠋ᠷ ᠵᠠᠶᠢᠲᠠᠶ | ᠭᠠᠵᠠᠷ︶ ᠲᠤ ᠨᠡᠭᠦᠯᠭᠡᠵᠦ᠂ ᠤᠤᠯ ᠤᠨ ᠵᠠᠰᠠᠭ ᠵᠠᠬᠢᠷᠭᠠᠨ ᠤ ᠣᠷᠣᠨ ᠤ 1096 ᠺᠦᠸᠠᠳ᠋ ᠺᠢᠯᠣᠮᠧᠳ᠋ᠷ ᠢ ᠮᠠᠨᠬᠦᠶ ᠪᠠᠯᠭᠠᠰᠤᠨ ᠳᠤ ᠬᠠᠷᠢᠶᠠᠯᠠᠭᠤᠯᠵᠤ᠂ ᠮᠠᠨᠬᠥ᠋ᠢ | ᠪᠠᠯᠭᠠᠰᠤᠨ ᠤ ᠶᠡᠷᠦᠩᠬᠡᠶ ᠲᠠᠯᠠᠪᠠᠶ ᠨᠢ 3072.81 ᠺᠦᠸᠠᠳ᠋ ᠺᠢᠯᠣᠮᠧᠳ᠋ᠷ ᠪᠣᠯᠵᠠᠶ᠃ ᠬᠤᠯᠢᠫᠥ᠋ ᠪᠠᠯᠭᠠᠰᠤᠨ ᠤ ᠡᠮᠦᠨᠡᠲᠦ ᠬᠡᠰᠡᠭ ᠤᠨ 1767.2 ᠺᠦᠸᠠᠳ᠋ | ᠺᠢᠯᠣᠮᠧᠳ᠋ᠷ ᠤᠨ ᠭᠠᠵᠠᠷ ᠰᠢᠷᠣᠶ ᠶᠢ ᠨᠡᠭᠦᠯᠭᠡᠭᠰᠡᠨ ᠤ ᠳᠠᠷᠠᠭ᠎ᠠ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠤᠨ ᠰᠢᠨ᠎ᠡ ᠰᠢᠶᠠᠩ ᠤᠨ ᠵᠠᠰᠠᠭ ᠵᠠᠬᠢᠷᠭᠠᠨ ᠤ | ᠬᠤᠪᠢᠶᠠᠷᠢᠯᠠᠯ ᠤᠨ ᠲᠠᠯᠠᠪᠠᠶ ᠪᠣᠯᠭᠠᠵᠠᠶ᠃ ᠬᠤᠯᠢᠫᠥ᠋ ᠪᠠᠯᠭᠠᠰᠤ ︵ᠬᠤᠳᠠ ᠶᠢᠨ ᠲᠣᠭᠤᠷᠢᠭ ᠢ ᠪᠠᠭᠲᠠᠭᠠᠨ᠎ᠠ︶ ᠶᠢᠨ ᠲᠠᠯᠠᠪᠠᠢ ᠶᠢ 4563.76 ᠺᠦᠸᠠᠳ᠋ ᠺᠢᠯᠣᠮᠧᠳ᠋ᠷ | ᠪᠣᠯᠭᠠᠨ ᠲᠣᠬᠢᠷᠠᠭᠤᠯᠪᠠ᠃ ᠣᠯᠭᠤᠶᠠ ᠰᠢᠶᠠᠩ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠠᠭᠠᠭ ᠱᠤᠭᠤᠮ ᠨᠢ᠄ ᠤᠮᠠᠷ᠎ᠠ ᠠᠴᠠ ᠬᠤᠯᠢᠫᠥ᠋ ᠪᠠᠯᠭᠠᠰᠤ᠂ | ᠳ᠋ᠧᠯᠪᠦᠷ ᠪᠠᠯᠭᠠᠰᠤ᠂ ᠶᠢᠨ ᠾᠧ ᠪᠠᠯᠭᠠᠰᠤ ᠵᠡᠷᠭᠡ ᠭᠤᠷᠪᠠᠨ ᠪᠠᠯᠭᠠᠰᠤ ᠶᠢᠨ ᠵᠠᠭᠠᠭ ᠱᠤᠭᠤᠮ ᠤᠨ ᠠᠭᠤᠯᠵᠠᠷ ᠤᠨ ᠴᠡᠭ ᠵᠢᠩᠯᠢᠩ ᠳᠠᠪᠠᠭ᠎ᠠ ᠠᠴᠠ ᠪᠠᠷᠠᠭᠤᠨᠰᠢ ︵ᠵᠡᠭᠦᠨ | ᠤᠷᠲᠤᠷᠢᠭ ᠤᠨ 121°14′25″︾᠂ ᠤᠮᠠᠷᠠᠲᠤ ᠥᠷᠭᠡᠷᠢᠭ ᠤᠨ 51°02′20″︶ ᠡᠬᠢᠯᠡᠯᠲᠡ ᠶᠢᠨ ᠴᠡᠭ ᠪᠣᠯᠭᠠᠵᠤ᠂ ᠵᠢᠩᠯᠢᠩ ᠳᠠᠪᠠᠭ᠎ᠠ ᠠᠴᠠ | ᠡᠮᠦᠨᠡᠰᠢ ︵ᠵᠡᠭᠦᠨ ᠤᠷᠲᠤᠷᠢᠭ ᠤᠨ 120°42′35″︾᠂ ᠤᠮᠠᠷᠠᠲᠤ ᠥᠷᠭᠡᠷᠢᠭ ᠤᠨ 50°24′50″︶ ᠪᠥᠬᠦ ᠱᠤᠭᠤᠮ ᠤᠨ ᠡᠴᠦᠰ ᠤᠨ ᠴᠡᠭ | ᠪᠤᠯᠭᠠᠵᠠᠢ᠃ | 2006 ᠣᠨ ᠤ 5 ᠰᠠᠷ᠎ᠠ ᠶᠢᠨ 23 ᠤ ᠡᠳᠦᠷ᠂ ᠭᠡᠭᠡᠨ ᠭᠤᠣᠯ ᠬᠤᠲᠠ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ᠂ ᠬᠤᠯᠢᠫᠥ᠋ | ᠪᠠᠯᠭᠠᠰᠤ᠂ ᠳ᠋ᠧᠯᠪᠦᠷ ᠪᠠᠯᠭᠠᠰᠤ ᠶᠢ ᠲᠤᠰ ᠪᠦᠷᠢ ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠧᠯᠪᠦᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠪᠣᠯᠭᠠᠨ ᠥᠭᠡᠷᠡᠴᠢᠯᠡᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ᠂ ᠪᠦᠬᠦ ᠬᠤᠳᠠ ᠳᠤ 3 ᠪᠠᠯᠭᠠᠰᠤ 1 ᠰᠢᠶᠠᠩ ᠪᠠ 5 ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠷᠢᠶᠠᠯᠠᠭᠤᠯᠵᠤ᠂ ᠲᠤᠰ ᠲᠤᠰ ᠶᠢᠨ ᠾᠧ ᠪᠠᠯᠭᠠᠰᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ᠂ ᠣᠯᠭᠤᠶᠠ ᠶᠢᠨ | ᠡᠸᠡᠩᠬᠢ ᠦᠨᠳᠦᠰᠦᠲᠡᠨ ᠤ ᠰᠢᠶᠠᠩ᠂ ᠬᠤᠯᠢᠫᠥ᠋ ᠶᠢᠨ ᠬᠡᠷᠡᠭ ᠡᠷᠬᠢᠯᠡᠬᠦ ᠭᠠᠵᠠᠷ᠂ ᠳ᠋ᠧᠯᠪᠦᠷ ᠤᠨ ᠬᠡᠷᠡᠭ ᠡᠷᠬᠢᠯᠡᠬᠦ ᠭᠠᠵᠠᠷ᠂ ᠾᠧ ᠳ᠋ᠦᠩ ᠤᠨ ᠬᠡᠷᠡᠭ ᠡᠷᠬᠢᠯᠡᠬᠦ ᠭᠠᠵᠠᠷ | ᠂ ᠾᠧ ᠰᠢ ᠶᠢᠨ ᠬᠡᠷᠡᠭ ᠡᠷᠬᠢᠯᠡᠬᠦ ᠭᠠᠵᠠᠷ᠂ ᠤᠢ ᠰᠢᠭᠤᠢ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠪᠣᠯᠤᠨ᠎ᠠ᠃ | 2011 ᠣᠨ ᠤ 6 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︹ ᠥᠪᠥᠷ ᠵᠠᠰᠠᠭ ᠦᠰᠦᠭᠲᠦ ︹2011︺ | 144 ᠳ᠋ᠦ᠋ᠭᠡᠷ ᠲᠣᠭᠠᠲᠤ ︺ ᠪᠢᠴᠢᠭ ᠮᠠᠲ᠋ᠧᠷᠢᠶᠠᠯ ᠤᠨ ᠴᠣᠬᠤᠯᠠᠪᠤᠷᠢ ᠶᠢ ᠦᠨᠳᠦᠰᠦᠯᠡᠨ᠂ ᠳ᠋ᠧᠯᠪᠦᠷ ᠪᠠᠯᠭᠠᠰᠤ ᠶᠢ ᠰᠡᠷᠭᠦᠭᠡᠵᠦ᠂ ᠪᠥᠬᠦ ᠬᠤᠲᠠ ᠶᠢᠨ ᠬᠠᠷᠢᠶᠠᠨ ᠳᠠᠬᠢ | 4 ᠪᠠᠯᠭᠠᠰᠤ 1 ᠰᠢᠶᠠᠩ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠯᠠᠭᠳᠠᠵᠤ᠂ ᠲᠡᠷᠡ ᠨᠢ ᠲᠣᠰ ᠲᠣᠰ ᠶᠢᠨ ᠾᠧ ᠪᠠᠯᠭᠠᠰᠤ᠂ ᠠᠯᠦ᠋ᠩᠱᠠᠨ | ᠪᠠᠯᠭᠠᠰᠤ᠂ ᠮᠠᠨᠬᠥ᠋ᠢ ᠪᠠᠯᠭᠠᠰᠤ᠂ ᠳ᠋ᠧᠯᠪᠦᠷ ᠪᠠᠯᠭᠠᠰᠤ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ᠂ ᠬᠤᠯᠢᠫᠥ᠋ ᠶᠢᠨ ᠬᠡᠷᠡᠭ ᠡᠷᠬᠢᠯᠡᠬᠦ ᠭᠠᠵᠠᠷ᠂ ᠾᠧ | ᠳ᠋ᠦᠩ ᠤᠨ ᠬᠡᠷᠡᠭ ᠡᠷᠬᠢᠯᠡᠬᠦ ᠭᠠᠵᠠᠷ᠂ ᠾᠧ ᠰᠢ ᠶᠢᠨ ᠬᠡᠷᠡᠭ ᠡᠷᠬᠢᠯᠡᠬᠦ ᠭᠠᠵᠠᠷ᠂ ᠣᠶ ᠰᠢᠭᠤᠶ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠪᠣᠯᠤᠨ᠎ᠠ᠃ | |