12 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠠᠨ ᠰᠢᠶᠠᠨ ᠬᠤᠢ᠂ ᠭᠦᠸᠧ ᠫᠢᠩ᠂ ᠭᠦᠸᠧ ᠶᠢᠨ ᠱᠧᠩ᠂ ᠵᠠᠩ ᠶᠧ ᠣᠷᠣᠯᠴᠠᠪᠠ᠃ ᠫᠠᠨ ᠰᠢᠶᠤᠤ ᠵᠢᠶᠠ ᠰᠤᠯᠠ | ᠣᠷᠣᠯᠴᠠᠵᠠᠢ᠃ | | | | | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ | ᠳᠡᠭᠡᠳᠦ ᠱᠠᠲᠤᠨ ᠤ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠵᠠᠰᠠᠭ ᠤᠨ ᠣᠷᠳᠣᠨ ᠤ | ᠰᠢᠰᠲ᠋ᠧᠮ ᠤᠨ ᠴᠢᠬᠡᠴᠢ ᠵᠠᠰᠠᠭ ᠤᠨ ᠠᠵᠢᠯ ᠢ ᠲᠤᠬᠢᠷᠠᠭᠤᠯᠵᠠᠢ᠃ | ᠬᠤᠷᠠᠯ ᠠᠴᠠ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ᠂ | ᠥᠭᠡᠷᠡᠴᠢᠯᠡᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠰᠠᠶᠢᠲᠤᠷ | ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠥᠬᠦ ᠲᠠᠯ᠎ᠠ ᠪᠠᠷ ᠰᠡᠭᠦᠯ ᠬᠤᠷᠢᠶᠠᠬᠤ ᠶᠢ ᠦᠨᠡᠨ ᠬᠦ ᠪᠠᠲᠤᠯᠠᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ | ᠰᠢᠨ᠎ᠡ ᠦᠷ᠎ᠡ ᠪᠦᠲᠦᠮᠵᠢ ᠶᠢ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠶ᠃ ︽ᠭᠤᠷᠪᠠ ᠶᠢ ᠨᠢᠭᠡ ᠴᠤᠬᠴᠠᠵᠢᠭᠤᠯᠬᠤ︾ ᠥᠭᠡᠷᠡᠴᠢᠯᠡᠯᠲᠡ ᠶᠢ ᠠᠬᠢᠭᠤᠯᠵᠤ᠂ ᠬᠠᠩᠭᠠᠨ | ᠪᠣᠷᠣᠯᠠᠭᠤᠯᠬᠤ ᠰᠢᠰᠲ᠋ᠧᠮ ᠤᠨ ᠡᠭᠦᠷᠭᠡ ᠴᠢᠳᠠᠪᠬᠢ ᠶᠢ ᠦᠨᠡᠨ ᠬᠦ ᠪᠠᠳᠠᠷᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠦᠷᠭᠡᠳᠬᠡᠵᠦ᠂ ︽ | ᠭᠤᠷᠪᠠ ᠶᠢ ᠨᠢᠭᠡ ᠴᠤᠬᠴᠠᠵᠢᠭᠤᠯᠬᠤ︾ ᠠᠵᠢᠯ ᠢ ᠰᠠᠶᠢᠲᠤᠷ ᠬᠢᠵᠦ ᠪᠣᠳᠠᠲᠠᠢ ᠬᠢᠵᠦ᠂ ᠲᠠᠷᠢᠶᠠᠴᠢᠳ ᠲᠤ ᠦᠨᠡᠨ ᠬᠦ ᠠᠰᠢᠭ ᠬᠦᠷᠲᠡᠭᠡᠬᠦ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠠᠷᠢᠭᠤᠨ ᠴᠢᠬᠡᠴᠢ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ | ᠤᠯᠤᠰ ᠲᠦᠷᠦ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠵᠤ᠂ ᠦᠨᠡᠨ ᠬᠦ ᠡᠷᠡᠭᠦᠯ ᠰᠠᠷᠠᠭᠤᠯ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢᠶᠠᠷ ᠰᠤᠷᠲᠠᠯ ᠤᠨ ᠬᠤᠪᠢᠷᠠᠯᠲᠠ ᠪᠣᠯᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠬᠡᠷᠡᠭ ᠠᠴᠠ ᠰᠤᠷᠭᠠᠮᠵᠢ ᠠᠪᠴᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠵᠢᠷᠤᠮᠯᠠᠵᠤ᠂ ᠲᠡᠮᠤᠷ ᠮᠡᠲᠦ ᠰᠠᠬᠢᠯᠭ᠎ᠠ ᠪᠠᠲᠤ ᠶᠢ ᠦᠨᠡᠨ ᠬᠦ | ᠠᠵᠢᠯᠯᠠᠭᠠᠨ ᠤ ᠵᠢᠷᠤᠮᠯᠠᠯ ᠪᠣᠯᠭᠠᠨ ᠬᠤᠪᠢᠷᠠᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠤᠨ᠂ | ᠡᠯ᠎ᠡ ᠭᠤᠭᠴᠤᠭ᠎ᠠ ᠶᠢ ᠴᠢᠩᠭ᠎ᠠ ᠡᠵᠡᠮᠳᠡᠵᠦ᠂ ᠨᠢᠭᠡ ᠬᠡᠰᠡᠭ ᠢ ᠪᠠᠶᠢᠭᠤᠯᠵᠤ ᠳᠠᠭᠤᠰᠬᠠᠪᠠᠯ᠂ ᠨᠢᠭᠡ ᠬᠡᠰᠡᠭ ᠢ ᠬᠠᠮᠢᠶᠠᠷᠴᠤ ᠳᠡᠶᠢᠯᠬᠦ᠂ ᠨᠢᠭᠡ ᠬᠡᠰᠡᠭ ᠢ ᠰᠠᠶᠢᠲᠤᠷ | ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠪᠠ | ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |