ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/18
    12 ᠰᠠᠷ᠎ᠠ ᠶᠢᠨ 16 ᠤ ᠡᠳᠦᠷ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠷᠠᠯ ᠢ ᠡᠷᠭᠢᠯᠡᠪᠡ᠃ ᠸᠠᠩ ᠺᠦᠨ ᠫᠧᠩ᠂ ᠭᠦᠸᠧ ᠶᠢᠨ ᠱᠧᠩ ᠣᠷᠣᠯᠴᠠᠪᠠ᠃
1.jpg
    ᠬᠤᠷᠠᠯ ᠠᠴᠠ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠰᠦᠭ ᠰᠦᠨᠡᠰᠦ ᠶᠢ ᠡᠷᠡᠰ ᠪᠠᠲᠤ ᠪᠤᠢ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ︽ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ︾ ᠥᠭᠡᠷᠡᠴᠢᠯᠡᠯᠲᠡ ᠶᠢᠨ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠤ ᠰᠢᠨ᠎ᠡ ᠶᠢ ᠡᠭᠦᠳᠦᠨ ᠬᠥᠭᠵᠢᠭᠦᠯᠵᠦ᠂ ᠴᠠᠭᠳᠠᠭᠠᠨ ᠤ ᠶᠠᠪᠤᠳᠠᠯ ᠤᠨ ᠲᠣᠭᠲᠠᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠤᠳᠤᠷᠢᠳᠬᠤ ᠪᠠᠭ ᠤᠨ ᠳᠠᠪᠬᠤᠷ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠪᠣᠯᠤᠨ ᠤᠳᠤᠷᠢᠳᠬᠤ ᠺᠠᠳ᠋ᠷ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨ ᠬᠦ ᠭᠦᠢᠴᠡᠳᠬᠡᠬᠦ ᠬᠡᠷᠡᠭᠲᠡᠢ᠃ ᠴᠢᠳᠠᠪᠤᠷᠢᠲᠠᠨ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠴᠠᠭᠳᠠᠭ᠎ᠠ ᠶᠢ ᠪᠠᠶᠢᠩᠭᠤᠵᠢᠭᠤᠯᠤᠨ ᠪᠣᠯᠪᠠᠰᠤᠷᠠᠭᠤᠯᠬᠤ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠠᠵᠢᠯ᠂ ᠴᠠᠭᠳᠠᠭᠠᠨ ᠤ ᠠᠵᠢᠯ ᠵᠡᠷᠭᠡ ᠪᠣᠳᠠᠲᠤ ᠪᠠᠶᠢᠳᠠᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠵᠠᠩᠭᠢᠯᠠᠭ᠎ᠠ ᠶᠢᠨ ᠦᠶ᠎ᠡ ᠳᠤ ᠲᠠᠲᠠᠵᠤ ᠳᠡᠶᠢᠯᠬᠦ᠂ ᠲᠠᠭᠠᠷᠢᠵᠤ ᠳᠡᠶᠢᠯᠬᠦ᠂ ᠢᠯᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
2.jpg
    ᠬᠤᠷᠠᠯ ᠠᠴᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠮᠤᠷ ᠲᠦᠪᠰᠢᠨ ᠬᠢᠭᠡᠳ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠴᠢᠨᠠᠷ ᠳᠠᠶᠢᠴᠢᠨ ᠬᠦᠴᠦᠨ ᠢ ᠲᠠᠰᠤᠷᠠᠯᠲᠠ ᠥᠬᠡᠶ ᠲᠦᠷᠭᠡᠳᠬᠡᠨ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠴᠣᠭᠴᠠᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠣᠯᠤᠨ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠪᠥᠬᠦ ᠬᠤᠰᠢᠭᠤ ᠪᠠᠷ ᠢᠶᠠᠨ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠪᠥᠬᠦ ᠨᠡᠶᠢᠭᠡᠮ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠠᠵᠢᠯ ᠢ ᠬᠠᠮᠲᠤᠪᠠᠷ ᠬᠠᠯᠠᠮᠵᠢᠯᠠᠨ ᠳᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ