ᠰᠢᠨ᠎ᠡ ᠪᠠᠷᠭᠤ ᠵᠡᠭᠦᠨ ᠬᠤᠰᠢᠭᠤ ᠶᠢᠨ ᠪᠠᠶᠢᠭᠠᠯᠢ ᠶᠢᠨ ᠭᠠᠵᠠᠷ ᠵᠦᠢ
ᠨᠡᠶᠢᠲᠡᠯᠡᠭᠰᠡᠨ ᠴᠠᠭ᠄
2024/12/19
    ᠭᠠᠵᠠᠷ ᠵᠦᠢ ᠶᠢᠨ ᠣᠷᠴᠢᠨ ᠲᠣᠭᠤᠷᠢᠨ    ᠪᠠᠶᠢᠷᠢᠰᠢᠯ᠂ ᠤᠷᠤᠨ ᠬᠡᠪᠴᠢᠶ᠎ᠡ    ᠰᠢᠨ᠎ᠡ ᠪᠠᠷᠭᠤ ᠵᠡᠭᠦᠨ ᠬᠤᠰᠢᠭᠤ ᠨᠢ ᠬᠥᠯᠥᠨ ᠪᠦᠷ ᠬᠤᠳᠠ ᠶᠢᠨ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠵᠡᠭᠦᠨ ᠤᠷᠲᠤᠷᠢᠭ ᠤᠨ 117°33' ~120°12'᠂ ᠤᠮᠠᠷᠠᠲᠤ ᠥᠷᠭᠡᠷᠢᠭ ᠤᠨ 47°10' ~49°47' ᠳᠤ ᠪᠤᠢ᠃ ᠵᠡᠭᠦᠨᠰᠢ ᠪᠠᠷᠠᠭᠤᠨᠰᠢ 165 ᠺᠢᠯᠣᠮᠧᠳ᠋ᠷ᠂ ᠡᠮᠦᠨᠡᠰᠢ ᠤᠮᠠᠷᠠᠰᠢ 309 ᠺᠢᠯᠣᠮᠧᠳ᠋ᠷ᠂ ᠶᠡᠷᠦᠩᠬᠡᠶ ᠲᠠᠯᠠᠪᠠᠶ ᠨᠢ 2.22 ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠪᠣᠯᠤᠨ᠎ᠠ᠃ ᠬᠢᠯᠢ ᠶᠢᠨ ᠱᠤᠭᠤᠮ ᠤᠨ ᠪᠥᠬᠦ ᠣᠷᠳᠣ ᠨᠢ 311.24 ᠺᠢᠯᠣᠮᠧᠳ᠋ᠷ ᠪᠠᠶᠢᠵᠤ᠂ ᠡᠭᠦᠨ ᠳᠤ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠤᠨ ᠣᠷᠳᠣ ᠨᠢ 215.062 ᠺᠢᠯᠣᠮᠧᠳ᠋ᠷ᠂ ᠳᠤᠮᠳᠠᠳᠤ ᠣᠷᠣᠰ ᠤᠨ ᠬᠢᠯᠢ ᠶᠢᠨ ᠱᠤᠭᠤᠮ ᠤᠨ ᠣᠷᠳᠣ ᠨᠢ 96.18 ᠺᠢᠯᠣᠮᠧᠳ᠋ᠷ ᠪᠣᠯᠤᠨ᠎ᠠ᠃    ᠭᠠᠵᠠᠷ ᠤᠨ ᠪᠠᠶᠢᠴᠠ ᠶᠢᠨ ᠣᠨᠴᠠᠯᠢᠭ    ᠰᠢᠨ᠎ᠡ ᠪᠠᠷᠭᠤ ᠵᠡᠭᠦᠨ ᠬᠤᠰᠢᠭᠤ ᠨᠢ ᠡᠯᠪᠡᠭ ᠳᠡᠯᠪᠡᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠠᠢ᠃ ᠭᠠᠵᠠᠷ ᠤᠨ ᠪᠠᠶᠢᠴᠠ ᠨᠢ ︽ᠨᠢᠭᠡ ᠬᠤᠲᠤᠭᠤᠷ ᠬᠤᠶᠠᠷ ᠪᠦᠰᠡ︾ ︵ᠬᠠᠶᠢᠯᠠᠷ ᠤᠨ ᠬᠤᠲᠣᠭᠤᠷ᠂ ᠳ᠋ᠤᠯᠪᠦ᠋ᠭᠠᠨ ᠤ ᠤᠯᠠᠨ ᠲᠡᠮᠦᠷᠯᠢᠭ ᠢᠶᠠᠷ ᠪᠦᠲᠦᠭᠰᠡᠨ ᠠᠭᠤᠷᠬᠠᠢ ᠶᠢᠨ ᠪᠦᠰᠡ᠂ ᠶᠡᠭᠡ ᠬᠢᠩᠭᠠᠨ ᠳᠠᠪᠠᠭ᠎ᠠ ᠶᠢᠨ ᠤᠯᠠᠨ ᠲᠡᠮᠦᠷᠯᠢᠭ ᠢᠶᠠᠷ ᠪᠦᠲᠦᠭᠰᠡᠨ ᠠᠭᠤᠷᠬᠠᠢ ᠶᠢᠨ ᠪᠦᠰᠡ︶ ᠶᠢ ᠰᠤᠨᠳᠠᠯᠠᠵᠤ᠂ ᠤᠮᠠᠷᠠᠲᠤ ᠬᠡᠰᠡᠭ ᠨᠢ ᠳ᠋ᠤᠯᠪᠦ᠋ᠭᠠᠨ ᠤ ᠣᠯᠠᠨ ᠲᠡᠮᠦᠷᠯᠢᠭ ᠢᠶᠠᠷ ᠪᠦᠲᠦᠭᠰᠡᠨ ᠠᠭᠤᠷᠬᠠᠢ ᠶᠢᠨ ᠪᠦᠰᠡ ᠶᠢᠨ ᠦᠵᠦᠭᠦᠷ ᠲᠤ ᠣᠷᠣᠰᠢᠵᠤ᠂ ᠡᠮᠦᠨᠡᠲᠦ ᠬᠡᠰᠡᠭ ᠨᠢ ᠶᠡᠭᠡ ᠬᠢᠩᠭᠠᠨ ᠳᠠᠪᠠᠭ᠎ᠠ ᠶᠢᠨ ᠣᠯᠠᠨ ᠲᠡᠮᠦᠷᠯᠢᠭ ᠢᠶᠠᠷ ᠪᠦᠲᠦᠭᠰᠡᠨ ᠠᠭᠤᠷᠬᠠᠢ ᠶᠢᠨ ᠪᠦᠰᠡ ᠶᠢᠨ ᠬᠤᠶᠢᠲᠤ ᠦᠵᠦᠭᠦᠷ ᠲᠤ ᠣᠷᠣᠰᠢᠵᠤ᠂ ᠳᠤᠮᠳᠠ ᠬᠡᠰᠡᠭ ᠨᠢ ᠬᠠᠶᠢᠯᠠᠷ ᠤᠨ ᠬᠤᠲᠣᠭᠤᠷ ᠤᠨ ᠴᠢᠯᠠᠭᠤᠨ ᠲᠣᠰᠣᠨ ᠤ ᠭᠤᠣᠯ ᠭᠠᠷᠤᠯᠲᠠ ᠶᠢᠨ ᠣᠷᠣᠨ ᠪᠠᠶᠢᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠨᠡᠯᠢᠶᠡᠳ ᠥᠷᠭᠡᠨ ᠪᠠᠶᠢᠳᠠᠭ᠃    ᠠᠭᠤᠷ ᠠᠮᠢᠰᠬᠤᠯ ᠤᠨ ᠣᠨᠴᠠᠯᠢᠭ    ᠰᠢᠨ᠎ᠡ ᠪᠠᠷᠭᠤ ᠵᠡᠭᠦᠨ ᠬᠤᠰᠢᠭᠤᠨ ᠤ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 1.1℃ ᠪᠠᠶᠢᠵᠤ᠂ ᠲᠦᠢᠯ ᠤᠨ ᠥᠨᠳᠥᠷ ᠠᠭᠠᠷ ᠤᠨ ᠳᠤᠯᠠᠭᠠᠨ ᠨᠢ 40.2℃᠂ ᠲᠦᠢᠯ ᠤᠨ ᠳᠣᠤᠷ᠎ᠠ ᠠᠭᠠᠷ ᠤᠨ ᠳᠤᠯᠠᠭᠠᠨ ᠨᠢ -41.4℃ ᠪᠠᠶᠢᠵᠤ᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 283.4mm᠂ ᠨᠡᠷᠡᠨ ᠤ ᠲᠤᠰᠤᠯᠲᠠ ᠶᠢᠨ ᠴᠠᠭ ᠤᠨ ᠲᠤᠭ᠎ᠠ ᠨᠢ 2758.7 ᠴᠠᠭ ᠪᠠᠶᠢᠵᠤ᠂ ᠳᠤᠮᠳᠠ ᠰᠡᠷᠢᠭᠦᠨ ᠪᠦᠰᠡ ᠶᠢᠨ ᠥᠨᠳᠦᠷᠯᠢᠭ ᠤᠨ ᠵᠠᠷᠢᠮᠳᠤᠭ ᠬᠠᠭᠤᠷᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠬᠠᠪᠤᠷ ᠨᠠᠮᠤᠷ ᠤᠨ ᠤᠯᠠᠷᠢᠯ ᠳᠤ ᠬᠤᠷ᠎ᠠ ᠪᠣᠷᠣᠭᠠᠨ ᠪᠠᠭ᠎ᠠ᠂ ᠭᠠᠩ ᠬᠠᠭᠤᠷᠠᠶ᠂ ᠶᠡᠭᠡ ᠰᠠᠯᠬᠢ ᠲᠠᠢ ᠡᠳᠦᠷ ᠤᠨ ᠲᠤᠭ᠎ᠠ ᠣᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠣᠯᠠᠨ ᠡᠭᠦᠰᠳᠡᠭ︔ ᠵᠣᠨ ᠤ ᠤᠯᠠᠷᠢᠯ ᠳᠤ ᠬᠤᠷ᠎ᠠ ᠪᠣᠷᠣᠭᠠᠨ ᠲᠦᠪᠯᠡᠷᠡᠵᠦ᠂ ᠪᠥᠬᠦ ᠵᠢᠯ ᠤᠨ 65 % — 70% ᠶᠢᠨ ᠬᠤᠷ᠎ᠠ ᠲᠤᠨᠳᠠᠰᠤ ᠨᠢ 6 — 8 ᠰᠠᠷ᠎ᠠ ᠳᠤ ᠲᠥᠪᠯᠡᠷᠡᠵᠦ᠂ ᠠᠶᠤᠩᠭ᠎ᠠ ᠴᠠᠬᠢᠯᠭᠠᠨ ᠮᠥᠨᠳᠥᠷ ᠤᠨ ᠭᠠᠮᠰᠢᠭ ᠪᠠᠶᠢᠨ ᠳᠠᠬᠢᠨ ᠡᠭᠦᠰᠳᠡᠭ︔ ᠡᠪᠦᠯ ᠤᠨ ᠤᠯᠠᠷᠢᠯ ᠳᠤ ᠬᠠᠬᠢᠷ ᠬᠦᠶ᠋ᠲᠡᠨ ᠪᠠᠶᠢᠵᠤ᠂ ᠪᠥᠬᠦ ᠵᠢᠯ ᠳᠤ ᠪᠠᠷᠤᠭ 128 ᠡᠳᠦᠷ ᠴᠠᠰᠤᠨ ᠳᠤ ᠬᠤᠴᠢᠭᠳᠠᠵᠤ᠂ ᠳᠤᠯᠠᠭᠠᠯᠠᠭ᠎ᠠ ᠶᠢᠨ ᠬᠤᠭᠤᠴᠠᠭ᠎ᠠ ᠨᠢ 7 ᠰᠠᠷ᠎ᠠ ᠠᠴᠠ ᠳᠡᠭᠡᠭᠰᠢ ᠪᠠᠶᠢᠳᠠᠭ᠃    ᠪᠠᠶᠢᠭᠠᠯᠢ ᠶᠢᠨ ᠡᠬᠢ ᠪᠠᠶᠠᠯᠢᠭ    ᠨᠤᠲᠤᠭ ᠪᠡᠯᠴᠢᠭᠡᠷ ᠤᠨ ᠡᠬᠢ ᠪᠠᠶᠠᠯᠢᠭ    ᠰᠢᠨ᠎ᠡ ᠪᠠᠷᠭᠤ ᠵᠡᠭᠦᠨ ᠬᠤᠰᠢᠭᠤᠨ ᠤ ᠲᠠᠯ᠎ᠠ ᠨᠤᠲᠤᠭ ᠤᠨ ᠲᠠᠯᠠᠪᠠᠶ ᠨᠢ ᠥᠷᠭᠡᠨ ᠠᠭᠤᠳᠠᠮ᠂ ᠭᠠᠵᠠᠷ ᠤᠨ ᠪᠠᠶᠢᠴᠠ ᠨᠢ ᠲᠡᠭᠰᠢᠬᠡᠨ᠂ ᠲᠠᠯ᠎ᠠ ᠨᠤᠲᠤᠭ ᠤᠨ ᠲᠥᠷᠥᠯ ᠵᠦᠶ᠋ᠯ ᠨᠢ ᠣᠯᠠᠨ᠂ ᠡᠪᠡᠰᠦ ᠪᠡᠯᠴᠢᠭᠡᠷ ᠤᠨ ᠲᠥᠷᠥᠯ ᠵᠦᠶ᠋ᠯ ᠨᠢ ᠣᠯᠠᠨ ᠪᠠᠶᠢᠵᠤ᠂ ᠠᠭᠤᠷ ᠠᠮᠢᠰᠬᠤᠯ᠂ ᠬᠥᠷᠥᠰᠥ ᠰᠢᠷᠣᠶ ᠵᠡᠷᠭᠡ ᠠᠮᠢ ᠠᠬᠤᠶ ᠶᠢᠨ ᠨᠥᠬᠦᠴᠡᠯ ᠤᠨ ᠵᠢᠮ᠎ᠡ ᠶᠣᠰᠣᠴᠢ ᠴᠢᠨᠠᠷᠲᠠᠶ ᠬᠤᠪᠢᠷᠠᠯᠲᠠ ᠠᠴᠠ ᠪᠣᠯᠵᠣ᠂ ᠪᠦᠰᠡᠯᠢᠭ ᠴᠢᠨᠠᠷᠲᠠᠶ ᠤᠷᠭᠤᠮᠠᠯ ᠤᠨ ᠬᠤᠴᠢᠯᠭ᠎ᠠ ᠶᠢ ᠵᠡᠭᠦᠨ ᠠᠴᠠ ᠪᠠᠷᠠᠭᠤᠨᠰᠢ ᠳᠤᠯᠠᠭᠠᠨ ᠴᠢᠨᠠᠷᠲᠠᠶ ᠨᠤᠭᠤ ᠬᠡᠭᠡᠷ᠎ᠡ ᠲᠠᠯ᠎ᠠ ᠶᠢᠨ ᠲᠥᠷᠥᠯ ᠪᠠ ᠳᠤᠯᠠᠭᠠᠨ ᠴᠢᠨᠠᠷᠲᠠᠶ ᠨᠡᠶᠢᠲᠡᠯᠢᠭ ᠬᠡᠭᠡᠷ᠎ᠡ ᠲᠠᠯ᠎ᠠ ᠶᠢᠨ ᠲᠥᠷᠥᠯ ᠭᠡᠵᠦ ᠬᠤᠪᠢᠶᠠᠨ᠎ᠠ︔ ᠪᠦᠰᠡᠯᠢᠭ ᠪᠤᠰᠤ ᠤᠷᠭᠤᠮᠠᠯ ᠤᠨ ᠬᠤᠴᠢᠯᠭ᠎ᠠ ᠪᠣᠯ ᠠᠭᠤᠯᠠᠷᠬᠠᠭ ᠭᠠᠵᠠᠷ ᠤᠨ ᠨᠤᠭᠤ ᠶᠢᠨ ᠲᠥᠷᠥᠯ᠂ ᠨᠠᠮ ᠭᠠᠵᠠᠷ ᠤᠨ ᠨᠤᠭᠤ ᠶᠢᠨ ᠲᠥᠷᠥᠯ ᠪᠠ ᠨᠠᠮᠤᠭ ᠤᠨ ᠲᠥᠷᠥᠯ ᠪᠣᠯᠤᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠲᠠᠯᠠᠪᠠᠶ ᠨᠢ 2308.11 ᠲᠦᠮᠡᠨ ᠮᠥ ᠪᠣᠯᠤᠨ᠎ᠠ᠃ ᠪᠥᠬᠦ ᠬᠤᠰᠢᠭᠤᠨ ᠤ ᠡᠪᠡᠰᠦᠲᠦ ᠭᠠᠵᠠᠷ ᠤᠨ ᠲᠥᠷᠥᠯ ᠵᠦᠶ᠋ᠯ ᠨᠢ ᠣᠯᠠᠨ ᠶᠠᠩᠵᠤ ᠶᠢᠨ ᠪᠠᠶᠢᠵᠤ᠂ ᠪᠣᠳᠠᠰ ᠤᠨ ᠲᠥᠷᠥᠯ ᠵᠦᠶ᠋ᠯ ᠡᠯᠪᠡᠭ ᠪᠠᠶᠠᠯᠢᠭ᠂ ᠲᠠᠪᠤᠨ ᠶᠡᠭᠡ ᠲᠥᠷᠥᠯ ᠤᠨ ᠲᠠᠯ᠎ᠠ ᠨᠤᠲᠤᠭ᠂ ᠶᠢᠰᠦᠨ ᠳᠡᠳ᠋ ᠲᠥᠷᠥᠯ ᠢ ᠬᠠᠮᠤᠷᠴᠤ ᠪᠣᠶ᠃    ᠤᠢ ᠰᠢᠭᠤᠶ ᠶᠢᠨ ᠡᠬᠢ ᠪᠠᠶᠠᠯᠢᠭ    ᠰᠢᠨ᠎ᠡ ᠪᠠᠷᠭᠤ ᠵᠡᠭᠦᠨ ᠬᠤᠰᠢᠭᠤᠨ ᠤ ᠣᠶᠢᠲᠤ ᠭᠠᠵᠠᠷ ᠤᠨ ᠶᠡᠷᠦᠩᠬᠡᠶ ᠲᠠᠯᠠᠪᠠᠶ 235.02 ᠲᠦᠮᠡᠨ ᠮᠥ ︵ᠰᠢᠨ᠎ᠡ ᠪᠠᠷᠭᠤ ᠵᠡᠭᠦᠨ ᠬᠤᠰᠢᠭᠤᠨ ᠤ ᠬᠠᠮᠢᠶᠠᠷᠴᠤ ᠬᠠᠮᠠᠭᠠᠯᠠᠬᠤ ᠣᠶᠢᠲᠤ ᠭᠠᠵᠠᠷ ᠤᠨ ᠲᠠᠯᠠᠪᠠᠶ 95.34 ᠲᠦᠮᠡᠨ ᠮᠥ︶᠃ ᠡᠭᠦᠨ ᠳᠤ᠂ ᠲᠤᠷᠤᠭ ᠮᠣᠳᠣᠨ ᠤ ᠣᠶᠢᠲᠤ ᠭᠠᠵᠠᠷ 170.55 ᠲᠦᠮᠡᠨ ᠮᠥ᠂ ᠪᠤᠲᠠ ᠮᠣᠳᠣᠨ ᠤ ᠣᠶᠢᠲᠤ ᠭᠠᠵᠠᠷ 47.80 ᠲᠦᠮᠡᠨ ᠮᠥ᠂ ᠪᠤᠰᠤᠳ ᠣᠶᠢᠲᠤ ᠭᠠᠵᠠᠷ 16.67 ᠲᠦᠮᠡᠨ ᠮᠥ ᠪᠠᠶᠢᠵᠤ᠂ ᠣᠶ ᠰᠢᠭᠤᠶ ᠶᠢᠨ ᠡᠬᠢ ᠪᠠᠶᠠᠯᠢᠭ ᠭᠤᠤᠯᠳᠠᠭᠤ ᠮᠠᠨ ᠤ ᠬᠤᠰᠢᠭᠤᠨ ᠤ ᠵᠡᠭᠦᠨ ᠡᠮᠦᠨᠡᠲᠦ ᠬᠡᠰᠡᠭ ᠲᠤ ᠲᠥᠪᠯᠡᠷᠡᠵᠦ ᠪᠠᠶᠢᠨ᠎ᠠ᠃    ᠠᠭᠤᠷᠬᠠᠶ ᠶᠢᠨ ᠡᠬᠢ ᠪᠠᠶᠠᠯᠢᠭ    ᠰᠢᠨ᠎ᠡ ᠪᠠᠷᠭᠤ ᠵᠡᠭᠦᠨ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠨᠡᠯᠢᠶᠡᠳ ᠡᠯᠪᠡᠭ ᠪᠠᠶᠢᠵᠤ᠂ ᠡᠨᠧᠷᠭᠢ ᠶᠢᠨ ᠠᠭᠤᠷᠬᠠᠶ ᠶᠢᠨ ᠭᠠᠷᠤᠯᠲᠠ ᠪᠠᠷ ᠭᠤᠣᠯ ᠪᠣᠯᠭᠠᠨ᠂ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠪᠠᠷ ᠬᠠᠪᠰᠤᠷᠤᠮᠵᠢ ᠪᠣᠯᠭᠠᠵᠤ᠂ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠡᠨᠧᠷᠭᠢ ᠶᠢᠨ ᠠᠭᠤᠷᠬᠠᠶ ᠶᠢᠨ ᠭᠠᠷᠤᠯᠲᠠ ᠶᠢᠨ ᠲᠥᠷᠥᠯ ᠵᠦᠢᠯ ᠪᠦᠷᠢᠨ ᠭᠦᠢᠴᠡᠳ ᠪᠠᠶᠢᠳᠠᠭ᠃ 2020 ᠣᠨ ᠤ ᠰᠡᠭᠦᠯᠴᠢ ᠪᠣᠯᠲᠠᠯ᠎ᠠ᠂ ᠨᠢᠭᠡᠨᠲᠡ ᠢᠯᠡᠷᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠲᠥᠷᠥᠯ ᠵᠦᠶ᠋ᠯ 25 ᠵᠦᠢᠯ ︵ᠳᠡᠳ᠋ ᠠᠭᠤᠷᠬᠠᠶ ᠶᠢᠨ ᠲᠥᠷᠥᠯ ᠵᠦᠶ᠋ᠯ ᠪᠠᠭᠲᠠᠨ᠎ᠠ︶ ᠪᠠᠶᠢᠵᠤ᠂ ᠲᠤᠭ᠎ᠠ ᠬᠡᠮᠵᠢᠶ᠎ᠡ ᠨᠢ ᠬᠥᠯᠥᠨ ᠪᠤᠶᠢᠷ ᠬᠤᠲᠠ ᠶᠢᠨ ᠨᠢᠭᠡᠨᠲᠡ ᠢᠯᠡᠷᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠲᠥᠷᠥᠯ ᠵᠦᠶ᠋ᠯ ᠤᠨ 32% ᠢ ᠡᠵᠡᠯᠡᠵᠦ ᠪᠠᠶᠢᠳᠠᠭ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠦᠰᠦᠨᠦᠭᠲᠦ︾ ᠳᠤ ᠨᠢᠭᠡᠨᠲᠡ ᠵᠢᠭᠰᠠᠭᠠᠭᠳᠠᠨ ᠣᠷᠤᠭᠰᠠᠨᠠᠭᠤᠷᠬᠠᠶ ᠶᠢᠨ ᠣᠷᠣᠨ 16 ᠪᠠᠶᠢᠵᠤ᠂ ᠬᠡᠪᠴᠢᠶ᠎ᠡ ᠪᠠᠷ ᠬᠤᠪᠢᠶᠠᠪᠠᠯ᠂ 10 ᠲᠣᠮᠣ ᠬᠡᠯᠪᠡᠷᠢ᠂ 4 ᠳᠤᠮᠳᠠ ᠬᠡᠯᠪᠡᠷᠢ᠂ 2 ᠪᠠᠭ᠎ᠠ ᠬᠡᠯᠪᠡᠷᠢ ᠪᠠᠶᠢᠨ᠎ᠠ︔ ᠠᠭᠤᠷᠬᠠᠶ ᠶᠢᠨ ᠭᠠᠷᠤᠯᠲᠠ ᠶᠢᠨ ᠲᠥᠷᠥᠯ ᠵᠦᠢᠯ ᠢᠶᠠᠷ ᠨᠢ ᠬᠤᠪᠢᠶᠠᠪᠠᠯ᠂ ᠡᠨᠧᠷᠭᠢ ᠶᠢᠨ ᠠᠭᠤᠷᠬᠠᠶ ᠶᠢᠨ ᠭᠠᠷᠤᠯᠲᠠ 11᠂ ᠲᠡᠮᠦᠷᠯᠢᠭ ᠤᠨ ᠠᠭᠤᠷᠬᠠᠶ ᠶᠢᠨ ᠭᠠᠷᠤᠯᠲᠠ 1᠂ ᠲᠡᠮᠦᠷᠯᠢᠭ ᠪᠤᠰᠤ ᠠᠭᠤᠷᠬᠠᠶ 4 ᠪᠤᠶ᠃ ᠰᠢᠨ᠎ᠡ ᠪᠠᠷᠭᠤ ᠵᠡᠭᠦᠨ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ 781.17 ᠳ᠋ᠦᠩᠰᠢᠭᠤᠷ ᠲᠣᠨ ᠤ ᠬᠠᠳᠠᠭᠠᠯᠠᠭᠳᠠᠴᠠ ᠲᠠᠢ᠂ ᠬᠥᠯᠥᠨ ᠪᠤᠶᠢᠷ ᠬᠤᠲᠠ ᠳᠤ ᠪᠠᠨ ᠨᠢᠭᠡᠳᠦᠭᠡᠷ ᠲᠤ ᠣᠷᠣᠨ᠎ᠠ᠃ ᠨᠡᠭᠦᠷᠡᠰᠦᠨ ᠤ ᠲᠦᠷᠦᠯ ᠳᠤ ᠬᠦᠷᠡᠩ ᠨᠡᠭᠦᠷᠡᠰᠦ᠂ ᠲᠦᠯᠦ ᠲᠠᠢ ᠨᠡᠭᠦᠷᠡᠰᠦ ᠪᠤᠢ᠂ ᠭᠤᠣᠯᠳᠠᠭᠤ ᠦᠪᠦᠷᠪᠤᠯᠠᠭ ᠰᠤᠮᠤ᠂ ᠬᠠᠨᠳᠠᠭᠠᠢ ᠰᠤᠮᠤ᠂ ᠴᠠᠭᠠᠨ ᠪᠠᠯᠭᠠᠰᠤ ᠵᠢᠴᠢ ᠰᠢᠨᠡᠪᠤᠯᠠᠭ ᠰᠤᠮᠤ ᠪᠠᠷ ᠲᠠᠷᠬᠠᠵᠤ ᠪᠤᠢ᠃ ᠪᠦᠭᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ 50 ᠳᠦᠩᠰᠢᠭᠤᠷ ᠲᠣᠨ ᠢ ᠳᠠᠪᠠᠭᠰᠠᠨ ᠨᠡᠭᠦᠷᠡᠰᠦᠨ ᠠᠭᠤᠷᠬᠠᠶ ᠳᠤ ᠬᠦᠭᠡᠨᠠᠭᠤᠷ᠂ ᠨᠣᠮᠣᠨ ᠬᠠᠨ᠂ ᠲᠠᠪᠦ‍ ᠨᠢᠭᠡ ᠮᠠᠯᠵᠢᠯ ᠤᠨ ᠲᠠᠯᠠᠪᠠᠢ ᠵᠢᠴᠢ ᠬᠦᠯᠢᠶᠡᠲᠦ ᠵᠡᠷᠭᠡ ᠪᠤᠢ᠃    ᠲᠡᠮᠦᠷᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠷᠤᠯᠲᠠ ᠶᠢᠨ ᠣᠷᠣᠨ 1 ᠪᠠᠶᠢᠵᠤ᠂ ᠬᠠᠨᠳᠠᠭᠠᠶ ᠰᠤᠮᠤᠨ ᠳᠤ ᠪᠠᠶᠢᠷᠢᠯᠠᠵᠤ᠂ ᠬᠡᠪᠴᠢᠶ᠎ᠡ ᠪᠠᠷ ᠪᠠᠭ᠎ᠠ᠂ ᠠᠭᠤᠷᠬᠠᠶ ᠶᠢᠨ ᠲᠥᠷᠥᠯ ᠨᠢ ᠲᠡᠮᠦᠷ᠂ ᠵᠡᠰ ᠪᠠᠶᠢᠵᠤ᠂ 2020 ᠣᠨ ᠤ ᠡᠴᠦᠰ ᠪᠣᠯᠲᠠᠯ᠎ᠠ᠂ ᠡᠬᠢ ᠪᠠᠶᠠᠯᠢᠭ ᠤᠨ ᠬᠡᠮᠵᠢᠶ᠎ᠡ ᠨᠢ 3108 ᠮᠢᠩᠭᠠᠨ ᠲᠣᠨ ᠲᠡᠮᠦᠷ ᠤᠨ ᠬᠦᠳᠡᠷ᠂ ᠵᠡᠰ ᠲᠡᠮᠦᠷᠯᠢᠭ ᠤᠨ ᠬᠡᠮᠵᠢᠶ᠎ᠡ 20298 ᠲᠣᠨ ᠪᠣᠶ᠃ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠬᠡᠰᠡᠭ ᠪᠤᠰᠠᠭ ᠢᠶᠠᠷ ᠲᠠᠷᠬᠠᠵᠤ᠂ ᠭᠤᠣᠯ ᠪᠣᠯᠬᠤ ᠠᠭᠤᠷᠬᠠᠶ ᠶᠢᠨ ᠲᠥᠷᠥᠯ ᠳᠤ ᠮᠠᠩᠰᠢᠶᠣᠤ᠂ ᠬᠥᠪᠰᠥᠭᠡᠷ ᠰᠢᠷᠣᠶ᠂ ᠪᠠᠶᠢᠭᠠᠯᠢᠯᠢᠭ ᠬᠤᠵᠢᠷ ᠪᠠᠶᠢᠵᠤ᠂ ᠵᠥᠪᠬᠡᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠦᠨᠡᠯᠡᠯᠲᠡ ᠶᠢᠨ ᠠᠵᠢᠯ ᠢ ᠬᠢᠵᠦ ᠥᠩᠭᠡᠷᠡᠵᠡᠶ᠂ ᠭᠤᠣᠯᠳᠠᠭᠤ ᠰᠢᠨᠡᠪᠤᠯᠠᠭ ᠰᠤᠮᠤ ᠪᠠ ᠵᠢᠪᠬᠤᠯᠠᠩᠲᠤ ᠰᠤᠮᠤᠨ ᠳᠤ ᠲᠠᠷᠬᠠᠵᠤ ᠪᠠᠶᠢᠨ᠎ᠠ᠃    ᠤᠰᠤᠨ ᠤ ᠡᠬᠢ ᠪᠠᠶᠠᠯᠢᠭ    ᠰᠢᠨ᠎ᠡ ᠪᠠᠷᠭᠤ ᠵᠡᠭᠦᠨ ᠬᠤᠰᠢᠭᠤᠨ ᠤ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 7.01 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ \ ᠵᠢᠯ ᠳᠤ ᠬᠦᠷᠴᠦ᠂ ᠪᠥᠬᠦ ᠬᠤᠲᠠ ᠶᠢᠨ 2.21% ᠶᠢ ᠡᠵᠡᠯᠡᠵᠦ᠂ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 1.65 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ᠂ ᠪᠥᠬᠦ ᠬᠤᠲᠠ ᠶᠢᠨ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠶᠢᠨ 0.5% ᠠᠴᠠ ᠳᠡᠭᠡᠭᠰᠢᠬᠢ ᠶᠢ ᠡᠵᠡᠯᠡᠵᠦ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 6.04 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠡᠶ᠃    ᠠᠮᠢᠳᠤ ᠪᠣᠳᠠᠰ ᠤᠨ ᠡᠬᠢ ᠪᠠᠶᠠᠯᠢᠭ    ᠰᠢᠨ᠎ᠡ ᠪᠠᠷᠭᠤ ᠵᠡᠭᠦᠨ ᠬᠤᠰᠢᠭᠤᠨ ᠤ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠨᠢ ᠭᠤᠣᠯᠳᠠᠭᠤ ᠵᠡᠭᠦᠨ ᠡᠮᠦᠨᠡᠲᠦ ᠬᠡᠰᠡᠭ ᠲᠤ ᠲᠥᠪᠯᠡᠷᠡᠵᠦ᠂ ᠮᠣᠳᠣᠯᠢᠭ ᠤᠷᠭᠤᠮᠠᠯ ᠳᠤ ᠪᠠᠶᠢᠭᠠᠯᠢ ᠶᠢᠨ ᠵᠢᠭᠠᠷᠲᠤ ᠨᠠᠷᠠᠰᠤ᠂ ᠴᠠᠭᠠᠨ ᠬᠤᠰᠤ᠂ ᠬᠠᠷᠭᠠᠶ᠂ ᠤᠯᠢᠶᠠᠰᠤ ᠵᠡᠷᠭᠡ ᠪᠤᠢ︔ ᠪᠥᠬᠦ ᠬᠤᠰᠢᠭᠤᠨ ᠤ ᠨᠤᠭᠤ ᠭᠠᠵᠠᠷ ᠤᠨ ᠶᠡᠷᠦᠩᠬᠡᠶ ᠲᠠᠯᠠᠪᠠᠶ 261.37 ᠲᠦᠮᠡᠨ ᠮᠥ ᠪᠠᠶᠢᠵᠤ᠂ ᠲᠤᠯᠤᠭᠠᠨ ᠰᠤᠮᠤ ᠪᠠᠯᠭᠠᠰᠤ ᠳᠤ ᠴᠥᠮ ᠲᠠᠷᠬᠠᠵᠤ᠂ ᠬᠠᠷᠢᠶᠠᠲᠤ ᠣᠷᠣᠨ ᠳᠤ 2 ᠨᠤᠭᠤ ᠭᠠᠵᠠᠷ ᠤᠨ ᠲᠥᠷᠥᠯ ᠬᠡᠯᠪᠡᠷᠢ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ 4 ᠬᠤᠰᠢᠭᠤᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ᠂ 1 ᠬᠥᠯᠥᠨ ᠪᠤᠶᠢᠷ ᠬᠤᠲᠠ ᠶᠢᠨ ᠲᠠᠰ ᠤᠨ ᠴᠢᠬᠤᠯᠠ ᠨᠤᠭᠤ ᠭᠠᠵᠠᠷ᠂ 2 ᠬᠤᠰᠢᠭᠤᠨ ᠤ ᠲᠠᠰ ᠤᠨ ᠵᠢᠵᠢᠭ ᠨᠤᠭᠤ ᠭᠠᠵᠠᠷ ᠬᠤᠯᠪᠣᠭᠳᠠᠨ᠎ᠠ᠃ ᠬᠤᠰᠢᠭᠤᠨ ᠤ ᠲᠠᠰ ᠤᠨ 3 ᠵᠢᠵᠢᠭ ᠨᠤᠭᠤ ᠭᠠᠵᠠᠷ ᠢ ᠰᠢᠨ᠎ᠡ ᠪᠠᠷ ᠨᠡᠮᠡᠵᠦ ᠬᠤᠪᠢᠶᠠᠷᠢᠯᠠᠨ ᠲᠣᠭᠲᠠᠭᠠᠵᠤ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠨᠢ 50.15% ᠳᠤ ᠬᠦᠷᠴᠡᠢ᠃    ᠪᠥᠬᠦ ᠬᠤᠰᠢᠭᠤᠨ ᠤ ᠣᠶ ᠰᠢᠭᠤᠶ ᠲᠠᠯ᠎ᠠ ᠨᠤᠲᠤᠭ ᠨᠤᠭᠤ ᠭᠠᠵᠠᠷ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠨᠥᠬᠦᠴᠡᠯ ᠨᠢ ᠬᠤᠪᠣᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ ᠤᠨ ᠦᠷᠡᠵᠢᠨ ᠪᠤᠶᠢᠵᠢᠬᠤ ᠳᠤ ᠰᠠᠶᠢᠨ ᠰᠠᠶᠢᠬᠠᠨ ᠣᠷᠣᠰᠢᠨ ᠠᠮᠢᠳᠤᠷᠠᠬᠤ ᠣᠷᠣᠨ ᠵᠠᠶ ᠬᠠᠩᠭᠠᠭᠰᠠᠨ ᠪᠠᠶᠢᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠨᠤᠲᠤᠭ ᠳᠡᠪᠢᠰᠬᠡᠷ ᠳᠡᠭᠡᠷ᠎ᠡ ᠣᠷᠤᠩᠨᠠᠬᠤ ᠬᠡᠭᠡᠷ᠎ᠡ ᠶᠢᠨ ᠠᠮᠢᠲᠠᠨ ᠳᠤ ᠪᠤᠭᠤ᠂ ᠪᠣᠷᠣ ᠭᠥᠷᠥᠭᠡᠰᠦ᠂ ᠬᠠᠷ᠎ᠠ ᠪᠠᠭᠠᠪᠠᠭᠠᠶ᠂ ᠵᠡᠭᠡᠷ᠎ᠡ᠂ ᠬᠡᠭᠡᠷ᠎ᠡ ᠶᠢᠨ ᠭᠠᠭ᠋ᠠᠶ᠂ ᠦᠨᠡᠭᠡ᠂ ᠡᠯᠡᠰᠦᠨ ᠦᠨᠡᠭᠡ᠂ ᠵᠠᠷᠠᠭ᠎ᠠ᠂ ᠲᠠᠤᠯᠠᠶ᠂ ᠲᠠᠷᠪᠠᠭ᠎ᠠ᠂ ᠬᠡᠷᠡᠮᠦ ᠵᠡᠷᠭᠡ 46 ᠭᠠᠷᠤᠶ ᠵᠦᠢᠯ ᠪᠤᠶ᠃ ᠬᠤᠪᠣᠷ ᠴᠤᠬᠠᠭ ᠵᠢᠭᠦᠷᠲᠡᠨ ᠤ ᠲᠥᠷᠥᠯ ᠳᠤ ᠬᠤᠨ ᠭᠠᠯᠠᠭᠤ᠂ ᠠᠯ ᠰᠡᠭᠦᠯ᠂ ᠵᠢᠭᠦᠷᠲᠦ ᠯᠣᠣ᠂ ᠭᠤᠷᠭᠤᠤᠯ᠂ ᠬᠠᠯᠢᠭᠤᠨ ᠭᠠᠯᠠᠭᠤ᠂ ᠬᠠᠶᠢᠷᠠᠭᠤᠴᠠᠶ ᠵᠡᠷᠭᠡ ᠪᠤᠶ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ