ᠰᠢᠨ᠎ᠡ ᠪᠠᠷᠭᠤ ᠵᠡᠭᠦᠨ ᠬᠤᠰᠢᠭᠤ ᠶᠢᠨ ᠲᠡᠦᠬᠡ ᠶᠢᠨ ᠤᠯᠠ ᠮᠥᠷ
ᠨᠡᠶᠢᠲᠡᠯᠡᠭᠰᠡᠨ ᠴᠠᠭ᠄
2024/12/19
    1957 ᠣᠨ ᠳᠤ᠂ ᠰᠢᠨ᠎ᠡ ᠪᠠᠷᠭᠤ ᠵᠡᠭᠦᠨ ᠭᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠰᠢᠨ᠎ᠡ ᠪᠠᠷᠭᠤ ᠵᠡᠭᠦᠨ ᠭᠠᠷᠤᠨ ᠬᠤᠰᠢᠭᠤᠨ ᠤ ᠠᠷᠠᠳ ᠤᠨ ᠵᠥᠪᠯᠡᠯ ᠪᠣᠯᠭᠠᠨ ᠥᠭᠡᠷᠡᠴᠢᠯᠡᠪᠡ᠃ 1958 ᠣᠨ ᠳᠤ᠂ ᠪᠥᠬᠦ ᠬᠤᠰᠢᠭᠤᠨ ᠤ ᠡᠯ᠎ᠡ ᠰᠤᠮᠤ ᠠᠷᠠᠳ ᠤᠨ ᠨᠢᠭᠡᠳᠦᠯ ᠪᠠᠶᠢᠭᠤᠯᠵᠤ᠂ 2 ᠪᠠᠯᠭᠠᠰᠤ 9 ᠠᠷᠠᠳ ᠤᠨ ᠨᠢᠭᠡᠳᠦᠯ᠂ 4 ᠮᠠᠯᠵᠢᠯ ᠤᠨ ᠲᠠᠯᠠᠪᠠᠶ ᠲᠠᠢ ᠪᠣᠯᠪᠠ᠃ 1959 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠪᠠᠷᠭᠤ ᠵᠡᠭᠦᠨ ᠭᠠᠷᠤᠨ ᠬᠤᠰᠢᠭᠤ ᠶᠢ ᠰᠢᠨ᠎ᠡ ᠪᠠᠷᠭᠤ ᠵᠡᠭᠦᠨ ᠬᠤᠰᠢᠭᠤ ᠭᠡᠵᠦ ᠬᠠᠯᠠᠬᠤ ᠶᠢ ᠵᠥᠪᠰᠢᠶᠡᠷᠡᠪᠡ᠃ 1968 ᠣᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠬᠤᠪᠢᠰᠬᠠᠯ ᠤᠨ ᠵᠥᠪᠯᠡᠯ ᠢ ᠪᠠᠶᠢᠭᠤᠯᠵᠤ᠂ ᠡᠯ᠎ᠡ ᠠᠷᠠᠳ ᠤᠨ ᠨᠢᠭᠡᠳᠦᠯ ᠳᠤ ᠵᠠᠯᠭᠠᠭ᠎ᠠ ᠪᠠᠷ ᠬᠤᠪᠢᠰᠬᠠᠯ ᠤᠨ ᠵᠥᠪᠯᠡᠯ ᠢ ᠪᠠᠶᠢᠭᠤᠯᠵᠠᠶ᠃ 1969 ᠣᠨ ᠳᠤ᠂ ᠰᠢᠨ᠎ᠡ ᠪᠠᠷᠭᠤ ᠵᠡᠭᠦᠨ ᠬᠤᠰᠢᠭᠤ ᠬᠥᠯᠥᠨ ᠪᠤᠶᠢᠷ ᠠᠶᠢᠮᠠᠭ ᠢ ᠳᠠᠭᠠᠵᠤ ᠬᠠᠷᠠᠮᠥ᠋ᠷᠡᠨ ᠮᠤᠵᠢ ᠳᠤ ᠬᠠᠷᠢᠶᠠᠯᠠᠭᠳᠠᠪᠠ᠃ 1979 ᠣᠨ ᠳᠤ᠂ ᠰᠢᠨ᠎ᠡ ᠪᠠᠷᠭᠤ ᠵᠡᠭᠦᠨ ᠬᠤᠰᠢᠭᠤ ᠨᠢ ᠬᠥᠯᠥᠨ ᠪᠤᠶᠢᠷ ᠠᠶᠢᠮᠠᠭ ᠢ ᠳᠠᠭᠠᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠳᠤ ᠬᠠᠷᠢᠶᠠᠯᠠᠭᠳᠠᠪᠠ᠃ 1980 ᠣᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠤᠪᠢᠰᠬᠠᠯ ᠤᠨ ᠵᠥᠪᠯᠡᠯ ᠢ ᠬᠠᠰᠤᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠡᠵᠦ ᠥᠭᠡᠷᠡᠴᠢᠯᠡᠨ ᠨᠡᠷᠡᠶᠢᠳᠴᠦ᠂ ᠡᠨᠡ ᠬᠦ ᠨᠡᠷᠡᠶᠢᠳᠦᠯ ᠨᠢ ᠣᠳᠣ ᠪᠣᠯᠲᠠᠯ᠎ᠠ ᠬᠡᠷᠡᠭᠯᠡᠭᠳᠡᠵᠦ ᠪᠠᠶᠢᠨ᠎ᠠ᠃
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ