12 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ 2024 ᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠨ ᠰᠢᠶᠠᠨ ᠬᠤᠶ᠂ ᠭᠦᠸᠧ ᠫᠢᠩ᠂ | ᠭᠦᠸᠧ ᠶᠢᠨ ᠱᠧᠩ᠂ ᠫᠠᠨ ᠰᠢᠶᠤᠤ ᠵᠢᠶᠠ᠂ ᠵᠠᠩ ᠶᠧ ᠣᠷᠣᠯᠴᠠᠪᠠ᠃ | | | | | | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠵᠢᠴᠢ ᠳᠡᠭᠡᠳᠦ ᠱᠠᠲᠤᠨ ᠤ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ | ᠰᠠᠨᠠᠭ᠎ᠠ ᠪᠣᠯᠤᠨ ︽ᠰᠢᠢᠳᠪᠦᠷᠢᠯᠡᠬᠦ ᠰᠡᠳᠬᠢᠬᠦᠢ︾ ᠪᠠᠷ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠲᠦᠷᠦᠯ ᠤᠨ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠣᠬᠢᠰᠲᠠᠢ ᠦᠷᠡᠵᠢᠯ ᠤᠨ ᠲᠦᠪᠰᠢᠨ | ᠪᠣᠯᠤᠨ ᠬᠥᠮᠦᠨ ᠠᠮᠠ ᠶᠢᠨ ᠬᠡᠪᠴᠢᠶ᠎ᠡ ᠶᠢ ᠴᠢᠷᠮᠠᠶᠢᠨ ᠪᠠᠲᠤᠯᠠᠬᠤ ᠬᠡᠷᠡᠭᠲᠡᠢ᠃ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠭᠡ ᠪᠠᠷ ᠬᠥᠭᠵᠢᠭᠦᠯᠵᠦ᠂ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠪᠣᠯᠤᠨ ᠮᠥᠰᠥ ᠴᠠᠰᠤᠨ ᠤ ᠵᠢᠭᠤᠯᠴᠢᠯᠠᠯ ᠢ ᠯᠠᠪᠳᠠᠭᠤᠨ ᠪᠠᠲᠤᠲᠠᠢ ᠠᠬᠢᠭᠤᠯᠵᠤ᠂ ᠮᠥᠰᠥ ᠴᠠᠰᠤᠨ ᠤ ᠡᠬᠢ ᠪᠠᠶᠠᠯᠢᠭ ᠤᠨ ᠠᠵᠤ | ᠠᠬᠤᠢ ᠶᠢᠨ ᠳᠠᠯᠳᠠ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠤ ᠴᠢᠬᠤᠯᠠᠴᠢᠯᠠᠪᠠ᠃ | | | | | | ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ᠂ ᠡᠪᠡᠷᠰᠢᠶᠡᠯ ᠪᠣᠯᠤᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠰᠢᠭᠤ᠂ | ᠪᠠᠯᠭᠠᠰᠤ᠂ ᠲᠣᠰᠬᠤᠨ ᠭᠤᠷᠪᠠᠨ ᠱᠠᠲᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠ ᠶᠢ | ᠨᠢᠭᠡ ᠴᠤᠭᠴᠠᠵᠢᠭᠤᠯᠬᠤ︾ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠤᠰᠤᠨ ᠤ ᠡᠬᠢ ᠰᠤᠷᠪᠤᠯᠵᠢ ᠨᠠᠶᠢᠳᠠᠪᠤᠷᠢᠲᠠᠢ᠂ ᠤᠰᠤᠨ ᠤ ᠴᠢᠨᠠᠷ ᠰᠢᠯᠢᠳᠡᠭ ᠰᠠᠶᠢᠨ᠂ ᠬᠠᠮᠢᠶᠠᠷᠤᠯᠲᠠ ᠵᠢᠷᠤᠮᠵᠢᠭᠰᠠᠨ ᠬᠥᠳᠡᠭᠡ ᠲᠣᠰᠬᠤᠨ ᠤ ᠤᠰᠤ ᠬᠠᠩᠭᠠᠬᠤ | ᠪᠠᠲᠤᠯᠠᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ | ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ | ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ | ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤᠯᠠᠭ᠎ᠠ ᠬᠠᠩᠭᠠᠬᠤ | ᠬᠡᠷᠡᠭᠲᠡᠶ ᠭᠡᠵᠤ ᠱᠠᠭᠠᠷᠳᠠᠪᠠ᠃ | |