2024 ᠣᠨ ᠤ ᠠᠷᠤᠨ ᠬᠤᠰᠢᠭᠤᠨ ᠤ ᠪᠠᠭᠰᠢ ᠶᠢᠨ ᠬᠢᠷᠢ ᠬᠡᠮ ᠤᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠭᠤᠯᠵᠤ ᠬᠢᠷᠢ ᠲᠡᠩᠴᠡᠭᠰᠡᠨ ᠬᠥᠮᠦᠰ ᠤᠨ ᠲᠣᠬᠠᠢ ᠵᠠᠷᠯᠠᠯ
ᠨᠡᠶᠢᠲᠡᠯᠡᠭᠰᠡᠨ ᠴᠠᠭ᠄
2024/12/2
    2024 ᠣᠨ ᠤ ᠠᠷᠤᠨ ᠬᠤᠰᠢᠭᠤᠨ ᠤ ᠪᠠᠭᠰᠢ ᠶᠢᠨ ᠬᠢᠷᠢ ᠬᠡᠮ ᠤᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠭᠤᠯᠬᠤ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠬᠥᠮᠦᠰ ᠤᠨ ᠲᠣᠬᠠᠢ ᠵᠠᠷᠯᠠᠯ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠪᠥᠬᠦ ᠬᠤᠲᠠ ᠶᠢᠨ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠭᠰᠢ ᠶᠢᠨ ᠬᠤᠪᠢ ᠬᠥᠮᠦᠨ ᠤ ᠭᠤᠶᠤᠴᠢᠯᠠᠯ ︵ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ︶ ᠢᠶᠠᠷ ᠳᠡᠮᠵᠢᠨ᠂ ᠪᠠᠶᠢᠭ᠎ᠠ ᠰᠤᠷᠭᠠᠭᠤᠯᠢ ᠨᠢ ᠭᠥᠯᠢᠶᠡᠨ ᠠᠪᠴᠤ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠵᠤ᠂ ᠠᠷᠤᠨ ᠬᠤᠰᠢᠭᠤᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠩᠬ᠎ᠠ ᠬᠢᠨᠠᠯᠲᠠ ᠪᠠᠷ᠂ ᠡᠳᠦᠭᠡ 2024 ᠣᠨ ᠤ ᠠᠷᠤᠨ ᠬᠤᠰᠢᠭᠤᠨ ᠤ ᠪᠠᠭᠰᠢ ᠶᠢᠨ ᠬᠢᠷᠢ ᠬᠡᠮ ᠤᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠭᠤᠯᠬᠤ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠬᠥᠮᠦᠰ ᠢ ᠵᠠᠷᠯᠠᠨ ᠨᠡᠢᠲᠡᠯᠡᠶ᠎ᠡ᠃    ᠨᠢᠭᠡ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ     ︽ᠳᠠᠭᠠᠯᠳᠤᠭᠤᠯᠤᠯ︾  ᠠᠴᠠ ᠦᠵᠡ᠃    https://mp.weixin.qq.com/s/STbMev7ka6w7GKebkEp-0A    ᠬᠤᠶᠠᠷ᠂ ᠢᠯᠡ ᠨᠡᠶᠢᠲᠡᠯᠡᠬᠦ ᠴᠠᠭ     2024 ᠣᠨ ᠤ 12 ᠳ᠋ᠤᠭᠠᠷ ᠰᠠᠷ᠎ᠠ ᠶᠢᠨ 2 ᠤᠨ ᠡᠳᠦᠷ 2024 ᠣᠨ ᠤ 12 ᠳ᠋ᠤᠭᠠᠷ ᠰᠠᠷ᠎ᠠ ᠶᠢᠨ 6 ᠤ ᠡᠳᠦᠷ ᠪᠣᠯᠤᠨ᠎ᠠ᠂ ᠭᠥᠯᠢᠶᠡᠨ ᠠᠪᠴᠤ ᠰᠢᠢᠳᠪᠦᠷᠢᠯᠡᠬᠦ ᠴᠠᠭ ᠨᠢ ᠠᠵᠢᠯ ᠤᠨ ᠡᠳᠦᠷ ᠤᠨ ᠦᠳᠡ ᠶᠢᠨ ᠡᠮᠦᠨᠡᠬᠢ 9᠄ 00-12᠄ 00᠂ ᠦᠳᠡ ᠶᠢᠨ ᠬᠤᠶᠢᠨᠠᠬᠢ 14᠄ 30-17᠄ 30 ᠪᠣᠯᠤᠨ᠎ᠠ᠃    ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠭᠠᠵᠠᠷ    ᠠᠷᠤᠨ ᠬᠤᠰᠢᠭᠤᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ︵ᠠᠷᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠠᠪᠤᠳᠤᠭᠠᠷ ᠳᠠᠪᠬᠤᠷᠯᠢᠭ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ᠤᠨ ᠲᠣᠪᠴᠢᠶ᠎ᠠ ᠶᠢᠨ ᠴᠣᠩᠬᠤ︶    ᠳᠥᠷᠪᠡ᠂ ᠭᠥᠯᠢᠶᠡᠨ ᠠᠪᠴᠤ ᠰᠢᠢᠳᠪᠦᠷᠢᠯᠡᠬᠦ ᠤᠲᠠᠰᠤ    ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ᠤᠨ ᠲᠣᠪᠴᠢᠶ᠎ᠠ ᠶᠢᠨ ᠤᠲᠠᠰᠤ᠄ 0470 - 4217756    ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠤᠲᠠᠰᠤ᠄ 0470 - 4222300 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ