ᠨᠠᠵᠢ ᠪᠠᠯᠭᠠᠰᠤᠨ ᠤ ᠰᠢᠶᠠᠩ ᠶᠠᠩ ᠨᠡᠶᠢᠭᠡᠮ ᠲᠣᠭᠤᠷᠢᠭ ᠤᠨ ᠦᠨᠳᠦᠰᠦᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2024/12/2
        ᠨᠠᠵᠢ ᠪᠠᠯᠭᠠᠰᠤᠨ ᠤ ᠰᠢᠶᠠᠩ ᠶᠠᠩ ᠨᠡᠶᠢᠭᠡᠮ ᠲᠣᠭᠤᠷᠢᠭ ᠨᠢ ᠠᠷᠤᠨ ᠬᠤᠰᠢᠭᠤᠨ ᠤ ᠨᠠᠵᠢ ᠪᠠᠯᠭᠠᠰᠤ ᠶᠢᠨ ᠲᠥᠪ ᠲᠤ ᠪᠠᠶᠢᠷᠢᠯᠠᠵᠤ᠂ 4 . 2 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠲᠠᠢ᠂ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠠᠯᠠᠪᠠᠢ 472 ᠲᠡᠭᠰᠢ ᠳᠥᠷᠪᠡᠯᠵᠢᠨ ᠮᠧᠲᠷ ᠪᠤᠢ᠃ ᠪᠦᠬᠦ ᠬᠥᠮᠦᠨ ᠠᠮᠠ ᠨᠢ 5130 ᠡᠷᠦᠬᠡ᠂ ᠪᠠᠶᠢᠩᠭᠤ ᠰᠠᠭᠤᠭ᠎ᠠ ᠬᠥᠮᠦᠨ ᠠᠮᠠ ᠨᠢ 11480 ᠬᠥᠮᠦᠨ ᠪᠠᠶᠢᠵᠤ᠂ ᠬᠠᠷᠢᠶ᠎ᠠ ᠣᠷᠣᠨ ᠳᠤ ᠨᠢ ᠨᠡᠶᠢᠲᠡ 881 ᠬᠤᠳᠠᠯᠳᠤᠭᠠᠨ ᠤ ᠡᠷᠦᠬᠡ᠂ 24 ᠰᠠᠭᠤᠭᠠᠯᠢ ᠠᠷᠠᠳ ᠤᠨ ᠲᠣᠭᠤᠷᠢᠭ ᠲᠠᠢ᠂ ᠡᠭᠦᠨ ᠤ ᠳᠣᠲᠣᠷ᠎ᠠ 11 ᠳᠠᠩ ᠪᠡᠶᠡᠲᠦ ᠠᠰᠠᠷ ᠪᠠᠶᠢᠵᠤ᠂ ᠣᠳᠣ 16 ᠲᠣᠣᠷ ᠬᠤᠪᠢᠶᠠᠪᠠ᠃ ᠰᠢᠶᠠᠩ ᠶᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠣᠣᠷ᠎ᠠ 6 ᠨᠠᠮ ᠤᠨ ᠡᠭᠦᠷ᠂ 300 ᠨᠠᠮ ᠤᠨ ᠭᠡᠰᠢᠭᠦᠨ ᠲᠠᠢ᠂ ᠨᠡᠶᠢᠲᠡ 12 ᠪᠠᠶᠢᠭᠤᠯᠤᠯᠭ᠎ᠠ ᠨᠢᠭᠡᠴᠡ ᠳᠤ ᠰᠠᠭᠤᠵᠤ ᠪᠠᠶᠢᠨ᠎ᠠ᠃
640.jpg
 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ