ᠨᠠᠵᠢ ᠪᠠᠯᠭᠠᠰᠤᠨ ᠤ ᠰᠢᠩ ᠹᠦ᠋ ᠨᠡᠶᠢᠭᠡᠮ ᠲᠣᠭᠤᠷᠢᠭ ᠨᠢ ᠾᠧ ᠰᠢ ᠰᠢᠨ᠎ᠡ ᠲᠣᠭᠤᠷᠢᠭ ᠤᠨ ᠵᠧᠨ ᠰᠢᠩ ᠵᠠᠮ ᠤᠨ 17 ᠳ᠋ᠤᠭᠠᠷ ᠨᠣᠮᠧᠷ ᠲᠤ ᠪᠠᠶᠢᠷᠢᠯᠠᠵᠤ᠂ | ᠬᠠᠷᠢᠶᠠᠲᠤ ᠣᠷᠣᠨ ᠤ ᠲᠠᠯᠠᠪᠠᠶ ᠨᠢ 3 . 04 ᠲᠡᠭᠰᠢ ᠳᠥᠷᠪᠡᠯᠵᠢᠨ ᠺᠢᠯᠣᠮᠧᠲᠷ᠂ ᠬᠠᠷᠢᠶᠠᠲᠤ ᠣᠷᠣᠨ ᠤ ᠰᠠᠭᠤᠭᠠᠯᠢ ᠠᠷᠠᠳ 4702 ᠡᠷᠦᠬᠡ᠂ 12132 | ᠬᠥᠮᠦᠨ ᠲᠠᠢ᠃ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ 1 ᠪᠠᠶᠢᠵᠤ᠂ ᠲᠣᠣᠷᠴᠢᠯᠠᠭᠰᠠᠨ ᠨᠠᠮ ᠤᠨ ᠡᠭᠦᠷ 2 ᠪᠠᠶᠢᠵᠤ᠂ ᠲᠣᠣᠷᠴᠢᠯᠠᠭᠰᠠᠨ ᠨᠠᠮ ᠤᠨ | ᠳᠤᠭᠤᠶᠢᠯᠠᠩ 18 ᠪᠠᠶᠢᠵᠤ᠂ ᠨᠡᠶᠢᠭᠡᠮ ᠲᠣᠭᠤᠷᠢᠭ ᠤᠨ ᠳᠠᠩᠰᠠᠨ ᠳᠤ ᠪᠠᠶᠢᠭ᠎ᠠ ᠨᠠᠮ ᠤᠨ ᠭᠡᠰᠢᠭᠦᠨ 98 ᠬᠦᠮᠦᠨ᠂ ᠠᠵᠢᠯ ᠳᠤ ᠪᠠᠶᠢᠭ᠎ᠠ ᠨᠠᠮ ᠤᠨ ᠭᠡᠰᠢᠭᠦᠨ 150 | ᠬᠦᠮᠦᠨ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ 12 ᠢ ᠲᠣᠬᠢᠷᠠᠭᠤᠯᠵᠤ᠂ 4 ᠰᠠᠯᠠᠭ᠎ᠠ ᠰᠠᠶᠢᠨ ᠳᠤᠷ᠎ᠠ ᠶᠢᠨ ᠡᠩᠨᠡᠭᠡ ᠪᠠᠶᠢᠨ᠎ᠠ᠃ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ ᠳᠤ 25 ᠠᠵᠢᠯᠲᠠᠨ ᠲᠠᠢ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠠᠢ ᠬᠤᠯᠪᠣᠭᠠᠯᠠᠨ 16 ᠨᠢᠭᠡᠴᠡ ᠬᠠᠮᠲᠤᠷᠠᠨ | ᠪᠠᠶᠢᠭᠤᠯᠵᠤ᠂ ᠨᠡᠶᠢᠭᠡᠮ ᠲᠣᠭᠤᠷᠢᠭ ᠲᠤ 1 ᠴᠡᠴᠡᠷᠯᠢᠭ᠂ 1 ᠠᠵᠤ ᠠᠬᠤᠶᠢᠯᠠᠯ᠂ 6 ᠠᠵᠢᠯ ᠦᠢᠯᠡᠰ ᠤᠨ ᠨᠢᠭᠡᠴᠡ᠂ 139 ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ 3 ᠬᠡᠦᠬᠡᠳ ᠤᠨ ᠴᠡᠴᠡᠷᠯᠢᠭ ᠪᠠ 2 ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ᠃ | | | |