ᠨᠠᠵᠢ ᠪᠠᠯᠭᠠᠰᠤ ᠶᠢᠨ ᠵᠢᠶᠠᠨ ᠱᠧ ᠨᠡᠶᠢᠭᠡᠮ ᠲᠣᠭᠤᠷᠢᠭ ᠨᠢ ᠠᠷᠤᠨ ᠬᠤᠰᠢᠭᠤᠨ ᠤ ᠨᠠᠵᠢ ᠪᠠᠯᠭᠠᠰᠤ ᠶᠢᠨ ᠲᠥᠪ ᠬᠡᠰᠡᠭ ᠲᠤ ᠪᠠᠶᠢᠷᠢᠯᠠᠵᠤ᠂ ᠬᠠᠷᠢᠶᠠᠲᠤ | ᠣᠷᠣᠨ ᠤ ᠲᠠᠯᠠᠪᠠᠶ ᠨᠢ 3 . 6 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠲᠣ 4356 ᠡᠷᠦᠬᠡ᠂ 10778 ᠰᠠᠭᠤᠭᠠᠯᠢ ᠠᠷᠠᠳ ᠲᠠᠢ᠂ ᠰᠠᠭᠤᠭᠠᠯᠢ | ᠠᠷᠠᠳ ᠤᠨ ᠵᠥᠪᠯᠡᠯ ᠤᠨ 29 ᠰᠠᠭᠤᠭᠠᠯᠢ ᠠᠷᠠᠳ ᠤᠨ ᠳᠤᠭᠤᠶᠢᠯᠠᠩ ᠲᠠᠢ᠂ 17 ᠠᠵᠢᠯᠲᠠᠨ ᠲᠠᠢ᠃ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠣᠣᠷ᠎ᠠ 3 | ᠨᠠᠮ ᠤᠨ ᠡᠭᠦᠷ 14 ᠨᠠᠮ ᠤᠨ ᠳᠤᠭᠤᠶᠢᠯᠠᠩ ᠭᠠᠷᠭᠠᠵᠤ᠂ ᠤᠳᠤ 147 ᠨᠠᠮ ᠤᠨ ᠭᠡᠰᠢᠭᠦᠨ ᠲᠠᠢ ᠪᠠᠶᠢᠨ᠎ᠠ᠃ ᠵᠢᠶᠠᠨ ᠱᠧ ᠨᠡᠶᠢᠭᠡᠮ ᠲᠣᠭᠤᠷᠢᠭ ᠬᠠᠮᠲᠤ ᠪᠠᠷ | ᠰᠠᠭᠤᠵᠤ ᠬᠠᠮᠲᠤ ᠪᠠᠷ ᠪᠠᠶᠢᠭᠤᠯᠬᠤ ᠨᠢᠭᠡᠴᠢ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠵᠣᠬᠢᠴᠠᠭᠤᠯᠵᠤ᠂ ᠨᠠᠷᠢᠯᠢᠭ ᠪᠠᠶᠢᠳᠠᠯ ᠠᠴᠠ ᠭᠠᠷᠳᠠᠨ᠂ ᠪᠣᠳᠠᠲᠠᠢ | ᠭᠠᠵᠠᠷ ᠠᠴᠠ ᠬᠦᠴᠦᠯᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠵᠢᠯ ᠣᠯᠭᠤᠯᠲᠠ᠂ ᠡᠮ ᠡᠮᠨᠡᠯᠭᠡ᠂ ᠨᠡᠶᠢᠭᠡᠮ ᠤᠨ ᠵᠠᠰᠠᠯᠲᠠ ᠶᠢᠨ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠵᠤ᠂ ︽ᠠᠵᠢᠯ ᠣᠯᠭᠤᠯᠲᠠ + ᠦᠢᠯᠡᠴᠢᠯᠡᠭᠡ︾ ᠶᠢᠨ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠵᠤ᠂ ᠤᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠢᠳᠡᠪᠬᠢᠲᠡᠢ ᠨᠡᠪᠲᠡᠷᠡᠭᠦᠯᠪᠡ᠃ | | | |