ᠨᠠᠵᠢ ᠪᠠᠯᠭᠠᠰᠤᠨ ᠤ ᠰᠢᠨ ᠬᠠᠶ ᠨᠡᠶᠢᠭᠡᠮ ᠲᠣᠭᠤᠷᠢᠭ ᠤᠨ ᠦᠨᠳᠦᠰᠦᠨ ᠲᠦᠢᠮᠤ ᠪᠠᠶᠢᠳᠠᠯ
ᠨᠡᠶᠢᠲᠡᠯᠡᠭᠰᠡᠨ ᠴᠠᠭ᠄
2024/12/2
    ᠨᠠᠵᠢ ᠪᠠᠯᠭᠠᠰᠤᠨ ᠤ ᠰᠢᠨ ᠬᠠᠶ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠢᠨ ᠾᠧ ᠪᠠᠷᠠᠭᠤᠨ ᠵᠡᠭᠡᠯᠢ ᠶᠢᠨ 4 ᠳ᠋ᠦ᠋ᠭᠡᠷ ᠨᠣᠮᠧᠷ ᠲᠤ ᠪᠠᠶᠢᠷᠢᠯᠠᠵᠤ᠂ 4 . 6 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠲᠠᠢ᠃ ᠪᠠᠶᠢᠩᠭᠤ ᠰᠠᠭᠤᠭ᠎ᠠ ᠰᠠᠭᠤᠭᠠᠯᠢ ᠠᠷᠠᠳ 6925 ᠡᠷᠦᠬᠡ᠂ 15633 ᠬᠥᠮᠦᠨ᠃ 191 ᠨᠠᠮ ᠤᠨ ᠭᠡᠰᠢᠭᠦᠨ ᠢ ᠰᠢᠭᠤᠳ ᠬᠠᠮᠢᠶᠠᠷᠴᠤ᠂ 4 ᠲᠤᠤᠷᠴᠢᠯᠠᠭᠰᠠᠨ ᠨᠠᠮ ᠤᠨ ᠡᠭᠦᠷ᠂ 17 ᠲᠤᠤᠷᠴᠢᠯᠠᠭᠰᠠᠨ ᠨᠠᠮ ᠤᠨ ᠳᠤᠭᠤᠶᠢᠯᠠᠩ᠂ 15 ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠲᠠᠢ᠃ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠠᠯᠠᠪᠠᠶ ᠨᠢ 6000 ᠲᠡᠭᠰᠢ ᠳᠥᠷᠪᠡᠯᠵᠢᠨ ᠮᠧᠳ᠋ᠷ ᠪᠠᠶᠢᠵᠤ᠂ ᠳᠣᠲᠣᠷ᠎ᠠ ᠨᠢ ᠥᠳᠥᠨ ᠪᠥᠮᠪᠦᠭᠡ᠂ ᠫᠢᠩᠫᠠᠩ ᠪᠥᠮᠪᠦᠭᠡ᠂ ᠴᠢᠴᠢᠭᠦᠷ ᠪᠥᠮᠪᠦᠭᠡ᠂ ᠪᠡᠶ᠎ᠡ ᠴᠢᠭᠢᠷᠠᠭᠵᠢᠭᠤᠯᠬᠤ ᠬᠡᠷ᠂ ᠺᠢᠨᠣ᠋ ᠲᠠᠭᠤ ᠨᠡᠪᠲᠡᠷᠡᠭᠦᠯᠬᠦ ᠵᠡᠷᠭᠡ ᠴᠢᠳᠠᠮᠵᠢᠳᠤ ᠲᠠᠰᠤᠭ ᠲᠠᠢ ᠪᠠᠶᠢᠵᠤ᠂ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠶᠢ ᠨᠡᠭᠡᠭᠡᠵᠦ᠂ ᠬᠠᠭᠤᠴᠢᠨ ᠬᠤᠭᠤᠯᠠᠨ ᠬᠡᠷ᠂ ᠬᠡᠷ ᠪᠦᠯᠢ ᠶᠢᠨ ᠡᠷᠡᠭᠦᠯᠵᠢᠯ ᠰᠤᠪᠢᠯᠠᠯᠲᠠ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃
640.png
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ